ᠤᠯᠠᠭᠠᠨᠬᠤᠲᠠ ᠤᠬᠠᠭᠤᠯᠤᠨ ᠲᠠᠶᠢᠯᠪᠤᠷᠢᠯᠠᠬᠤ ᠲᠠᠭᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2024/5/30
    ᠣᠶᠢᠷ᠎ᠠ ᠳᠤ᠂ ︽ᠰᠢᠩ ᠠᠨ ᠯᠢ ᠳ᠋ᠧ︾ ᠣᠨᠣᠯ ᠤᠨ ᠰᠤᠷᠤᠯᠴᠠᠯᠭ᠎ᠠ ᠶᠢᠨ ᠬᠥᠩᠭᠡᠨ ᠮᠣᠷᠢᠲᠤ ᠴᠡᠷᠢᠭ  ᠤᠯᠠᠭᠠᠨᠬᠤᠲᠠ ᠶᠢᠨ ︽ᠳᠡᠷᠭᠡᠳᠡᠬᠢ ᠬᠥᠮᠦᠨ ᠳᠡᠭᠡᠨ ᠠᠰᠢᠭ ᠬᠦᠷᠳᠡᠭᠡᠬᠦ︾ ᠤᠬᠠᠭᠤᠯᠤᠨ ᠲᠠᠶᠢᠯᠪᠤᠷᠢᠯᠠᠬᠤ ᠰᠠᠯᠪᠤᠷᠢ ᠪᠠᠭ᠎ᠠ ᠠᠩᠭᠢ ᠤᠯᠠᠭᠠᠨᠬᠠᠳᠠ ᠪᠠᠯᠭᠠᠰᠤᠨ ᠳᠤ ᠬᠦᠷᠴᠦ᠂ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠰᠢᠨ᠎ᠡ ᠵᠠᠮ ᠢᠶᠠᠷ ᠵᠠᠮᠨᠠᠬᠤ ᠪᠠᠷ  ᠯᠠᠪᠳᠠᠭᠤᠨ ᠪᠠᠳᠤᠳᠠᠢ ᠠᠵᠢᠯᠯᠠᠵᠤ ᠳᠤᠮᠳᠠ ᠲᠦᠪᠰᠢᠨ ᠳᠤ ᠤᠷᠤᠬᠤ︾ ᠪᠠᠷ ᠭᠤᠤᠯ ᠰᠡᠳᠦᠪ ᠪᠤᠯᠭᠠᠭᠰᠠᠨ ᠪᠠᠶᠢᠭᠤᠯᠭ᠎ᠠ ᠶᠢᠨ ᠺᠠᠳ᠋ᠷ ᠪᠣᠯᠤᠨ ᠲᠤᠬᠠᠶ ᠶᠢᠨ ᠭᠠᠵᠠᠷ ᠤᠨ  ᠭᠠᠴᠠᠭ᠎ᠠ ᠲᠣᠰᠬᠤᠨ ᠤ ᠠᠷᠠᠳ ᠲᠤ ᠤᠬᠠᠭᠤᠯᠤᠨ ᠲᠠᠶᠢᠯᠪᠤᠷᠢᠯᠠᠯᠲᠠ ᠬᠢᠪᠠ᠃       ᠤᠬᠠᠭᠤᠯᠤᠨ ᠲᠠᠶᠢᠯᠪᠤᠷᠢᠯᠠᠬᠤ ᠬᠤᠷᠠᠯ ᠳᠡᠭᠡᠷ᠎ᠡ᠂ ᠲᠠᠪᠤᠨ ᠤᠬᠠᠭᠤᠯᠤᠨ ᠲᠠᠶᠢᠯᠪᠤᠷᠢᠯᠠᠭᠴᠢ ᠪᠣᠷᠣᠭᠵᠢᠭᠤᠨ ᠦᠭᠡ ᠬᠡᠯᠡ᠂ ᠠᠮᠢᠳᠤᠯᠢᠭ ᠪᠣᠳᠠᠲᠠᠶ ᠵᠢᠱᠢᠶ᠎ᠡ᠂ ᠴᠢᠩ ᠦᠨᠡᠨᠴᠢ ᠬᠠᠶᠢᠷ᠎ᠠ ᠰᠡᠳᠬᠢᠯᠭᠡ ᠪᠠᠷ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠶᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠠᠳ ᠣᠯᠤᠭᠰᠠᠨ ᠦᠷ᠎ᠡ ᠪᠦᠲᠦᠮᠵᠢ ᠶᠢ ᠠᠮᠢᠳᠤᠯᠢᠭ ᠢᠶᠠᠷ ᠢᠯᠡᠷᠡᠭᠦᠯᠵᠦ᠂ ᠥᠪᠥᠷ ᠮᠣᠩᠭᠤᠯ ᠤᠨ ᠥᠷᠭᠡᠨ ᠤᠯᠠᠨ ᠺᠠᠳ᠋ᠷ ᠤᠯᠠᠨ ᠲᠦᠮᠡᠨ ᠤ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠬᠦᠴᠢᠷ ᠪᠡᠷᠬᠡᠰᠢᠶᠠᠯ ᠢ ᠲᠡᠰᠪᠦᠷᠢᠯᠡᠨ ᠰᠢᠨ᠎ᠡ ᠵᠠᠮ ᠢᠶᠠᠷ ᠵᠠᠮᠨᠠᠵᠤ᠂ ᠴᠤᠴᠠᠯᠲᠠ ᠦᠭᠡᠢ ᠤᠷᠤᠭᠰᠢᠯᠠᠵᠤ ᠳᠤᠮᠳᠠ ᠲᠦᠪᠰᠢᠨ ᠳᠤ ᠤᠷᠤᠬᠤ ᠴᠤᠭ ᠪᠠᠳᠠᠷᠠᠩᠭᠤᠢ ᠳᠦᠷᠰᠦ ᠪᠠᠶᠢᠳᠠᠯ ᠪᠣᠯᠤᠨ ᠭᠠᠯ ᠬᠠᠯᠠᠭᠤᠨ ᠦᠢᠯᠡᠳᠦᠯᠭᠡ ᠶᠢ ᠢᠯᠡᠷᠡᠭᠦᠯᠪᠡ᠃       ︽ᠰᠢᠩ ᠠᠨ ᠯᠢ ᠳ᠋ᠧ︾ ᠤᠨᠤᠯ ᠤᠨ ᠰᠤᠷᠤᠯᠴᠠᠯᠭ᠎ᠠ ᠶᠢᠨ ᠬᠦᠩᠬᠡᠨ ᠮᠣᠷᠢᠲᠤ ᠴᠡᠷᠢᠭ ᠤᠯᠠᠭᠠᠨᠬᠤᠲᠠ ᠶᠢᠨ  ︽ ᠳᠡᠷᠭᠡᠳᠡᠬᠢ ᠬᠥᠮᠤᠨ ᠳᠡᠭᠡᠨ ᠠᠰᠢᠭ ᠬᠦᠷᠳᠡᠭᠡᠬᠦ︾ ᠤᠬᠠᠭᠤᠯᠤᠨ ᠲᠠᠶᠢᠯᠪᠤᠷᠢᠯᠠᠬᠤ ᠰᠠᠯᠪᠤᠷᠢ  ᠪᠠᠭ᠎ᠠ ᠠᠩᠭᠢ ᠪᠠᠶᠢᠭᠤᠯᠤᠭᠳᠠᠭᠰᠠᠨ ᠠᠴᠠ ᠨᠠᠰᠢ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠣᠯᠠᠨ ᠲᠦᠮᠡᠨ᠂ ᠪᠠᠶᠢᠭᠤᠯᠭ᠎ᠠ ᠶᠢᠨ ᠺᠠᠳ᠋ᠷ᠂ ᠰᠤᠷᠭᠠᠭᠤᠯᠢ ᠶᠢᠨ ᠪᠠᠭᠰᠢ ᠰᠤᠷᠤᠭᠴᠢ ᠵᠡᠷᠭᠡ ᠬᠦᠮᠤᠰ ᠲᠤ ᠡᠯ᠎ᠡ ᠲᠥᠷᠥᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠤᠶᠠᠷ ᠵᠠᠭᠤ ᠭᠠᠷᠤᠶ ᠤᠳᠠᠭ᠎ᠠ ᠥᠷᠨᠢᠭᠦᠯᠵᠠᠢ᠃  
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号