ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/30
  ᠡᠨᠡ ᠵᠢᠯ ᠤᠨ 5 ᠰᠠᠷ᠎ᠠ ᠪᠣᠯ ᠳᠥᠷᠪᠡᠳᠡᠬᠢ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ ︾ ᠪᠣᠯᠤᠨ᠎ᠠ᠂ ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠢᠷᠭᠡᠨ ᠤ ᠬᠠᠤᠯᠢ ᠶᠢᠨ ᠪᠢᠴᠢᠭ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠴᠢᠨᠠᠷ ᠰᠠᠶᠢᠲᠠᠶ ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃       5 ᠰᠠᠷ᠎ᠠ ᠶᠢᠨ 24 ᠤ ᠡᠳᠦᠷ᠂ ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠠᠵᠢᠯᠲᠠᠳ ᠴᠡᠷᠢᠭ ᠠᠴᠠ ᠬᠠᠯᠠᠭᠳᠠᠭᠰᠠᠳ ᠤᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠢᠶᠠᠷ ᠬᠦᠷᠴᠦ ︽ᠢᠷᠭᠡᠨ ᠤ ᠬᠠᠤᠯᠢ ᠶᠢᠨ ᠪᠢᠴᠢᠭ︾ ᠢ ᠠᠵᠤ ᠠᠬᠤᠶᠢᠯᠠᠯ ᠳᠤ ᠣᠷᠣᠭᠤᠯᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠵᠤ ᠠᠬᠤᠶᠢᠯᠠᠯ ᠳᠤ ᠢᠷᠭᠡᠨ ᠤ ᠬᠠᠤᠯᠢ ᠶᠢᠨ ᠪᠢᠴᠢᠭ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷ ᠳᠡᠪᠲᠡᠷ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠠᠴᠠ ᠬᠠᠯᠠᠭᠳᠠᠭᠰᠠᠳ ᠤᠨ ᠪᠠᠲᠤᠯᠠᠭ᠎ᠠ ᠶᠢᠨ ᠬᠠᠤᠯᠢ︾ ᠵᠡᠷᠭᠡ ᠤᠩᠰᠢᠬᠤ ᠪᠢᠴᠢᠭ ᠢ ᠪᠡᠯᠡᠭᠯᠡᠵᠠᠢ᠃     ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠪᠠᠰᠠ ᠢᠷᠭᠡᠨ ᠤ ᠬᠠᠤᠯᠢ ᠶᠢᠨ ᠪᠢᠴᠢᠭ ᠤᠨ ᠬᠠᠤᠯᠢ ᠲᠦᠭᠡᠮᠡᠯᠵᠢᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠺᠠᠳ᠋ᠷ ᠠᠵᠢᠯᠲᠠᠨ ᠠᠵᠢᠯᠴᠢᠨ ᠤ ᠢᠷᠭᠡᠨ ᠤ ᠬᠠᠤᠯᠢ ᠶᠢᠨ ᠪᠢᠴᠢᠭ ᠢ ᠣᠶᠢᠯᠠᠭᠠᠬᠤ ᠪᠠ ᠡᠵᠡᠮᠰᠢᠬᠦ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠺᠠᠳ᠋ᠷᠴᠤᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号