ᠤᠯᠠᠭᠠᠨᠬᠤᠲᠠ ᠬᠤᠪᠢᠰᠬᠠᠯ ᠤᠨ ᠰᠣᠶᠣᠯ ᠢ ᠨᠠᠩ ᠠᠮᠢᠳᠤᠯᠢᠭ ᠤᠯᠠᠮᠵᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2024/5/30
    ︽ᠬᠤᠪᠢᠰᠬᠠᠯ ᠤᠨ ᠺᠢᠨᠣ᠋︾ ᠦᠵᠡᠵᠦ ᠲᠡᠦᠬᠡ ᠶᠢ ᠡᠷᠭᠢᠴᠡᠭᠦᠯᠬᠦ ᠵᠠᠭᠤᠷ᠎ᠠ ᠪᠤᠳᠤᠯ ᠲᠥᠷᠥᠭᠳᠡᠯ ᠢᠶᠠᠨ ᠰᠤᠯᠢᠯᠴᠠᠵᠦ᠂ ᠤᠬᠠᠭᠠᠷᠠᠯ ᠰᠡᠭᠡᠭᠡᠷᠡᠯ ᠢᠶᠠᠨ ᠶᠠᠷᠢᠯᠴᠠᠨ᠎ᠠ᠃ ᠬᠢᠩᠭᠠᠨ ᠠᠶᠢᠮᠠᠭ ᠤᠨ ᠤᠯᠠᠭᠠᠨᠬᠤᠲᠠ ᠳᠤ ᠭᠠᠷᠠᠭ ᠪᠦᠷᠢ ᠶᠢᠨ ᠵᠢᠷᠭᠤᠭᠠᠨ ᠳᠤ ᠬᠢᠩᠭᠠᠨ ᠤ ᠯᠢᠩ ᠴᠤᠧᠠᠩ ᠳᠤ ᠬᠦᠷᠴᠦ ︽ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠡᠶᠡᠴᠢᠯᠡᠨ ᠣᠶᠢᠯᠠᠭᠠᠬᠤ︾ ᠨᠢ ᠴᠥᠭᠡᠨ ᠪᠤᠰᠤ ᠬᠤᠲᠠ ᠶᠢᠨ ᠠᠷᠠᠳ ᠤᠨ ᠬᠠᠮᠳᠦ ᠶᠢᠨ ᠵᠤᠷᠢᠯᠳᠠ ᠰᠣᠩᠭᠤᠯᠲᠠ ᠪᠣᠯᠵᠠᠢ᠃ ᠣᠶᠢᠷ᠎ᠠ ᠶᠢᠨ ᠡᠳᠦᠷ ᠤᠳ ᠲᠤ ᠬᠢᠩᠭᠠᠨ ᠤ ᠯᠢᠩ ᠴᠤᠸᠠᠩ · ᠲᠠᠯᠬᠡᠨ ᠦᠵᠡᠭᠦᠯᠵᠤ ᠪᠡᠶᠡᠴᠢᠯᠡᠨ ᠣᠶᠢᠯᠠᠭᠠᠬᠤ ᠲᠥᠪ ᠤᠨ ︽ᠬᠡᠷᠡᠯ ᠵᠢᠷᠤᠭ ᠢᠶᠠᠷ ᠪᠦᠯᠬᠦᠮᠳᠡᠯ ᠢ ᠳᠠᠶᠢᠴᠢᠯᠠᠬᠤ︾ ᠨᠡᠶᠢᠲᠡ ᠶᠢᠨ ᠠᠰᠠᠷᠠᠮᠵᠢ  ᠶᠢᠨ ᠺᠢᠨᠣ᠋ ᠭᠠᠷᠭᠠᠬᠤ ᠥᠷᠲᠡᠭᠡ ᠳᠤ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠭᠰᠠᠨ ᠨᠢᠭᠡ ᠪᠦᠯᠦᠭ ᠡᠬᠡ ᠣᠷᠣᠨᠴᠢ ᠦᠵᠡᠯ ᠤᠨ ᠰᠢᠯᠢᠳᠡᠭ ᠺᠢᠨᠣ᠋ ᠶᠢ ᠣᠯᠠᠨ ᠲᠦᠮᠡᠨ ᠳᠤ ᠰᠦᠢᠳᠬᠡᠯ ᠬᠤᠷᠢᠶᠠᠬᠤ ᠦᠭᠡᠢ ᠪᠠᠷ ᠦᠵᠡᠬᠦᠯᠵᠤ ᠪᠠᠶᠢᠨ᠎ᠠ᠃     ︽ᠺᠢᠨᠣ᠋ ᠦᠵᠡᠬᠦ ᠦᠢᠯᠡᠴᠢᠯᠡᠬᠡᠨ ᠤ ᠭᠠᠷ ᠠᠪᠤᠯᠭ᠎ᠠ ᠠᠴᠠ ᠡᠨᠡ ᠭᠠᠷᠠᠭ ᠤᠨ ᠵᠢᠷᠭᠤᠭᠠᠨ ᠳᠤ ︿ ᠶᠢᠨ ᠭᠠᠩ ᠴᠤᠸᠠᠨ﹀ ᠭᠡᠳᠡᠭ ᠺᠢᠨᠣ᠋ ᠭᠠᠷᠭᠠᠬᠤ ᠶᠢ ᠮᠡᠳᠡᠭᠰᠡᠨ᠂ ᠲᠡᠭᠡᠭᠡᠳ ᠲᠤᠰᠬᠠᠶᠢᠯᠠᠨ ᠬᠡᠦᠬᠡᠳ ᠢᠶᠠᠨ ᠳᠠᠭᠠᠭᠤᠯᠤᠭᠠᠳ ᠢᠷᠡᠯ᠎ᠠ᠃ ᠺᠢᠨᠣ᠋ ᠦᠵᠡᠬᠦ ᠪᠠᠷ ᠳᠠᠮᠵᠢᠨ ᠬᠡᠥᠬᠡᠳ ᠲᠤ ᠲᠡᠦᠬᠡᠨ ᠦᠩᠬᠡᠷᠡᠯᠳᠡ ᠶᠢ ᠨᠠᠩ ᠪᠤᠳᠠᠳᠠᠢ ᠣᠶᠢᠯᠠᠭᠠᠭᠤᠯᠵᠤ᠂ ᠤᠯᠤᠰ ᠢᠶᠠᠨ ᠬᠠᠶᠢᠷᠠᠯᠠᠬᠤ ᠦᠵᠡᠯ ᠢ ᠨᠢ ᠤᠯᠠᠮ ᠬᠦᠨᠵᠡᠬᠡᠶᠢᠷᠡᠬᠦᠯᠬᠦ ᠶᠢ ᠵᠤᠷᠢᠭᠰᠠᠨ ᠶᠤᠮ︾ ᠭᠡᠵᠦ ᠺᠢᠨᠣ᠋ ᠦᠵᠡᠵᠦ ᠳᠠᠭᠤᠰᠤᠭᠰᠠᠨ ᠤ ᠳᠠᠷᠠᠭ᠎ᠠ ᠤᠯᠠᠭᠠᠨᠬᠤᠲᠠ ᠶᠢᠨ ᠬᠤᠳᠠ ᠶᠢᠨ ᠠᠷᠠᠳ ᠶᠠᠨ ᠲᠤᠤ ᠰᠤᠷᠪᠤᠯᠵᠢᠯᠠᠭᠴᠢ ᠳᠤ ᠬᠡᠯᠡᠨ᠎ᠠ᠃     ᠣᠳᠣᠬᠠᠨ ᠳᠤ ᠬᠢᠩᠭᠠᠨ ᠤ ᠯᠢᠩ ᠴᠤᠸᠠᠩ · ᠲᠠᠯᠬᠡᠨ ᠦᠵᠡᠭᠦᠯᠵᠤ ᠪᠡᠶᠡᠴᠢᠯᠡᠨ ᠣᠶᠢᠯᠠᠭᠠᠬᠤ ᠲᠥᠪ ᠤᠨ ︽ᠬᠡᠷᠡᠯ ᠵᠢᠷᠤᠭ ᠢᠶᠠᠷ ᠪᠦᠯᠬᠦᠮᠳᠡᠯ ᠢ ᠳᠠᠶᠢᠴᠢᠯᠠᠬᠤ︾ ᠨᠡᠶᠢᠲᠡ ᠶᠢᠨ ᠠᠰᠠᠷᠠᠮᠵᠢ ᠶᠢᠨ ᠺᠢᠨᠣ᠋ ᠭᠠᠷᠭᠠᠬᠤ ᠥᠷᠲᠡᠭᠡ ᠳᠤ ᠨᠢᠭᠡᠨᠲᠡ 15 ᠺᠢᠨᠣ᠋ ᠭᠠᠷᠭᠠᠵᠦ᠂ 1000 ᠭᠠᠷᠤᠢ ᠬᠥᠮᠥᠨ ᠺᠢᠨᠣ᠋ ᠦᠵᠡᠵᠡᠢ᠃ ᠺᠢᠨᠣ᠋ ᠦᠵᠡᠬᠦᠯᠬᠦ ᠠᠴᠠ ᠭᠠᠳᠠᠨ᠎ᠠ᠂ ᠲᠤᠰ ᠲᠥᠪ ᠤᠨ ᠬᠢᠨ ᠪᠠᠰᠠ ᠬᠠᠮᠲᠤ ᠪᠠᠷ ᠨᠢᠭᠡ ᠳᠠᠭᠤᠤ ᠳᠠᠭᠤᠯᠠᠵᠤ᠂ ᠬᠠᠮᠲᠤ ᠪᠠᠷ ᠨᠢᠭᠡ ᠬᠢᠴᠢᠶᠡᠯ ᠣᠷᠣᠵᠤ᠂ ᠬᠠᠮᠲᠤ ᠪᠠᠷ ᠨᠢᠭᠡ ᠤᠳᠠᠭ᠎ᠠ ᠰᠤᠳᠤᠯᠤᠨ ᠰᠤᠷᠤᠯᠴᠠᠭᠴᠢ ᠪᠣᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠥᠮᠦᠵᠢᠯ ᠢ ᠰᠦᠯᠵᠢᠶᠡᠨ ᠳᠡᠭᠡᠷᠡᠬᠢ ᠪᠠ ᠠᠬᠤᠢ ᠳᠠᠯᠠᠪᠠᠢ ᠶᠢᠨ ᠬᠡᠯᠪᠡᠷᠢ ᠪᠠᠷ ᠲᠠᠰᠤᠷᠠᠯᠲᠠ ᠦᠭᠡᠢ ᠥᠷᠭᠡᠳᠬᠡᠵᠦ᠂ ᠰᠢᠷᠢᠰ ᠠᠵᠢᠯᠯᠠᠭ᠎ᠠ ᠪᠠᠷ ᠳᠠᠮᠵᠢᠨ ᠬᠤᠪᠢᠰᠬᠠᠯᠲᠤ ᠰᠣᠶᠣᠯ ᠢ ᠨᠡᠩ ᠠᠮᠢᠳᠤᠯᠢᠭ ᠪᠤᠯᠭᠠᠨ᠂ ᠬᠤᠪᠢᠰᠬᠠᠯᠲᠤ ᠤᠳᠤᠮᠰᠢᠯ ᠢ ᠤᠯᠠᠮ ᠪᠤᠳᠠᠳᠠᠢ ᠪᠤᠯᠭᠠᠵᠠᠢ᠃     ᠪᠥᠬᠦ ᠤᠯᠤᠰ ᠤᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠭᠠᠵᠠᠷ ᠪᠣᠯᠤᠭᠰᠠᠨ ᠤ ᠬᠤᠪᠢ ᠳᠤ᠂ ᠤᠯᠠᠭᠠᠨᠬᠤᠲᠠ ᠶᠢᠨ ᠡᠨᠡ ᠬᠦ ᠬᠤᠪᠢᠰᠬᠠᠯ ᠤᠨ ᠬᠠᠯᠠᠭᠤᠨ ᠨᠤᠳᠤᠭ ᠲᠤ ᠢᠷᠠᠭᠤ ᠠᠯᠳᠠᠷᠲᠤ ᠬᠤᠪᠢᠰᠬᠠᠯ ᠤᠨ ᠲᠡᠦᠬᠡ ᠲᠠᠢ ᠪᠠᠷ ᠪᠠᠷᠠᠬᠤ ᠦᠭᠡᠢ᠂ ᠬᠤᠪᠢᠰᠬᠠᠯ ᠤᠨ ᠦᠯᠢᠭᠡᠷ ᠲᠡᠥᠬᠡ ᠶᠢ ᠰᠠᠶᠢᠨ ᠮᠡᠳᠡᠳᠡᠭ ᠠᠬᠠᠮᠠᠳ ᠨᠠᠮ ᠤᠨ ᠭᠡᠰᠢᠭᠦᠨ ᠤᠯᠠᠨ ᠪᠠᠶᠢᠵᠤ᠂ ᠤᠷᠢ ᠵᠠᠯᠠᠭᠤ ᠠᠴᠠ ᠪᠠᠨ ᠦᠳᠡᠯᠦᠭᠡ ᠪᠤᠭᠤᠷᠤᠯ ᠪᠤᠯᠳᠠᠯ᠎ᠠ ᠪᠠᠨ ᠲᠡᠳᠡᠨ ᠤ ᠤᠭ ᠰᠠᠨᠠᠭ᠎ᠠ ᠪᠠ ᠢᠲᠡᠭᠡᠯ ᠪᠢᠰᠢᠷᠡᠯ ᠨᠢ ᠶᠡᠷᠦ ᠠᠴᠠ ᠬᠤᠪᠢᠷᠠᠭ᠎ᠠ ᠦᠭᠡᠢ ᠶᠤᠮ᠃     ᠵᠣᠨ ᠤ ᠲᠡᠭᠷᠢ ᠴᠡᠯᠮᠡᠭᠰᠢᠨ᠂ ᠰᠡᠳᠬᠢᠯ ᠳᠤ ᠠᠶᠠᠳᠠᠶᠢᠬᠠᠨ ᠪᠠᠶᠢᠯ᠎ᠠ᠃ ᠭᠡᠭᠡᠨᠰᠦ᠋ᠮ᠎ᠠ ᠪᠠᠯᠭᠠᠰᠤ ᠶᠢᠨ ᠪᠠᠶᠠᠨᠬᠠᠳᠠ ᠭᠠᠴᠠᠭᠠᠨ ᠤ ᠠᠷᠠᠳ ᠾᠧ ᠮᠢᠩ ᠱᠧᠩ ᠤᠨ ᠬᠦᠷᠢᠶᠡᠨ ᠳᠤ ᠠᠶᠢᠯ ᠠᠶᠢᠮᠠᠭ ᠤᠨ ᠬᠢᠨ ᠴᠤᠭᠯᠠᠷᠠᠨ᠂ ᠣᠯᠠᠨ ᠢᠶᠠᠷ ᠢᠶᠠᠨ 94 ᠨᠠᠰᠤᠲᠠᠢ ᠠᠬᠠᠮᠠᠳ ᠨᠠᠮ ᠤᠨ ᠭᠡᠰᠢᠭᠦᠨ ᠬᠤᠩ ᠪᠠᠶᠠᠷ ᠤᠨ ᠶᠠᠷᠢᠬᠤ ︽ᠮᠠᠭᠲᠠᠭᠠᠯ ᠳᠠᠭᠤᠤ︾ ᠶᠢᠨ ᠵᠤᠬᠢᠶᠠᠭᠳᠠᠭᠰᠠᠨ ᠥᠯᠢᠭᠡᠷ ᠢ ᠠᠮᠲᠠᠷᠬᠠᠨ ᠰᠣᠨᠣᠰᠴᠤ ᠪᠠᠶᠢᠯ᠎ᠠ᠃     ︽ᠪᠢᠳᠡ ︿ᠮᠠᠭᠲᠠᠭᠠᠯ ᠳᠠᠭᠤᠤ﹀ ᠶᠢᠨ ᠦᠯᠢᠭᠡᠷ ᠲᠡᠥᠬᠡ ᠶᠢ ᠰᠣᠨᠣᠰᠤᠭᠠᠳ ᠬᠤᠪᠢᠰᠬᠠᠯ ᠤᠨ ᠲᠡᠦᠬᠡ ᠶᠢᠨ ᠲᠤᠬᠠᠢ ᠨᠡᠩ ᠭᠦᠨᠵᠡᠭᠡᠢ ᠣᠶᠢᠯᠠᠭᠠᠯᠲᠠ ᠲᠠᠢ ᠪᠣᠯᠵᠠᠢ᠂ ᠬᠤᠪᠢᠰᠬᠠᠯ ᠤᠨ ᠤᠳᠤᠮᠰᠢᠯ ᠪᠣᠯ ᠮᠠᠨ ᠤ ᠬᠠᠮᠤᠭ ᠤᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠥᠷᠥᠩᠭᠡ ᠮᠥᠨ᠂ ᠬᠤᠶᠢᠰᠢᠳᠠ ᠪᠢᠳᠡ ᠨᠡᠩ ᠢᠯᠡᠬᠦᠦ ᠰᠡᠳᠬᠢᠯ ᠨᠢᠭᠡᠳᠴᠦ᠂ ᠡᠷᠴᠢ ᠵᠣᠷᠢᠭ ᠨᠡᠩ ᠲᠡᠭᠦᠯᠳᠡᠷ ᠪᠠᠶᠢᠵᠤ᠂ ᠨᠡᠩ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠴᠤᠭᠴᠠᠯᠠᠨ᠎ᠠ︾ ᠭᠡᠵᠦ ᠾᠧ ᠮᠢᠩ ᠱᠧᠩ ᠳᠣᠭᠳᠣᠯᠤᠨ ᠬᠡᠯᠡᠨ᠎ᠠ᠃     ︽ᠮᠠᠭᠲᠠᠭᠠᠯ ᠳᠠᠭᠤᠤ︾ ᠶᠢᠨ ᠵᠤᠬᠢᠶᠠᠭᠳᠠᠭᠰᠠᠨ ᠦᠯᠢᠬᠡᠷ ᠢ ᠶᠠᠷᠢᠬᠤ ᠠᠴᠠ ᠭᠠᠳᠠᠨ᠎ᠠ᠂ ᠠᠬᠠᠮᠠᠳ ᠨᠠᠮ ᠤᠨ ᠬᠡᠰᠢᠬᠦᠨ ᠬᠤᠩ ᠪᠠᠶᠠᠷ ᠪᠣᠷᠣᠭᠵᠢᠭᠤᠨ ᠠᠮᠢᠳᠤᠯᠢᠭ ᠶᠠᠷᠢᠶ᠎ᠠ ᠪᠠᠷ ᠲᠣᠰᠬᠤᠨ ᠤ ᠠᠷᠠᠳ ᠲᠤ ᠨᠠᠮ ᠳᠤ ᠤᠷᠤᠭᠰᠠᠨ 75 ᠵᠢᠯ ᠤᠨ ᠲᠤᠷᠰᠢ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ︾ ᠤᠭ ᠰᠠᠨᠠᠭ᠎ᠠ ᠪᠠᠨ ᠢᠮᠠᠭᠳᠠ ᠪᠠᠷᠢᠮᠳᠠᠯᠠᠭᠰᠠᠭᠠᠷ ᠢᠷᠡᠭᠰᠡᠨ ᠦᠩᠭᠡᠷᠡᠯᠳᠡ ᠪᠠᠨ ᠬᠤᠪᠢᠶᠠᠯᠴᠠᠵᠤ᠂ ᠤᠯᠠᠨ ᠢᠶᠠᠷ ᠢᠶᠠᠨ ᠭᠡᠷᠡᠯ ᠰᠠᠴᠤᠷᠠᠩᠭᠤᠢ ᠲᠡᠦᠬᠡ ᠪᠠᠨ ᠪᠠᠲᠤ ᠴᠡᠭᠡᠵᠢᠯᠡᠵᠦ᠂ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠵᠤ᠂ ᠠᠶᠢᠯ ᠪᠣᠯᠭᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠰᠠᠶᠢᠨ ᠰᠠᠶᠢᠬᠠᠨ ᠠᠮᠢᠳᠤᠷᠠᠯ ᠢᠶᠠᠷ ᠢᠶᠠᠨ ᠬᠤᠪᠢᠰᠬᠠᠯᠴᠢᠳ ᠤᠨ ᠤᠭ ᠰᠠᠨᠠᠭ᠎ᠠ ᠬᠦᠰᠡᠯ ᠬᠥᠭᠡᠭᠡᠴᠡᠯᠳᠦᠯ ᠳᠤ ᠬᠠᠨᠤᠮᠵᠢ ᠲᠠᠢ ᠬᠠᠷᠢᠭᠤᠯᠲᠠ ᠥᠭᠬᠦ ᠶᠢ ᠤᠷᠢᠶᠠᠯᠠᠪᠠ᠃     ᠤᠯᠠᠭᠠᠨᠬᠤᠲᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠬᠡᠢ ᠠᠭᠤᠳᠠᠯᠵᠤ᠂ ᠳᠤᠮᠳᠠᠳᠤ ᠶᠢᠨ  ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ︽ᠠᠷᠪᠠᠨ ᠨᠢᠭᠡ︾ ᠶᠢᠨ ᠬᠤᠪᠢᠰᠬᠠᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠲᠦᠰᠦᠪᠯᠡᠨ ᠥᠷᠨᠢᠭᠦᠯᠵᠦ᠂ ᠡᠨᠡ ᠬᠦ ᠬᠤᠪᠢᠰᠬᠠᠯ ᠤᠨ ᠬᠤᠳᠠ ᠳᠤ ᠦᠨᠳᠦᠰᠦᠳᠡᠨ ᠤ ᠪᠦᠯᠬᠦᠮᠳᠡᠯ ᠤᠨ ᠠᠨᠠᠷ ᠴᠡᠴᠡᠭ ᠢ ᠳᠡᠯᠭᠡᠷᠡᠬᠦᠯᠦᠭᠰᠡᠨ ᠦᠯᠢᠭᠡᠷ ᠢ ᠰᠠᠶᠢᠲᠤᠷ ᠶᠠᠷᠢᠵᠤ ᠪᠠᠶᠢᠨ᠎ᠠ᠃     ︽ᠠᠷᠪᠠᠨ ᠨᠢᠭᠡ︾ ᠶᠢᠨ ᠬᠤᠪᠢᠰᠬᠠᠯ ᠤᠨ ᠭᠤᠣᠯ ᠰᠡᠳᠦᠪᠲᠦ ᠰᠢᠷᠢᠰ ᠠᠵᠢᠯᠯᠠᠭ᠎ᠠ ᠶᠢᠨ ᠲᠠᠯ᠎ᠠ ᠪᠠᠷ ᠬᠢᠩᠭᠠᠨ ᠤ ᠯᠢᠩ ᠴᠤᠧᠠᠩ ᠳᠤ ︽ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠨᠢᠭᠡ ᠤᠳᠠᠭ᠎ᠠ ᠪᠡᠶᠡᠴᠢᠯᠡᠨ ᠣᠶᠢᠯᠠᠭᠠᠬᠤ︾ ᠠᠵᠢᠯᠯᠠᠭ᠎ᠠ ᠶᠠᠪᠤᠭᠳᠠᠵᠤ ᠪᠠᠶᠢᠬᠤ ᠪᠠᠷ ᠪᠠᠷᠠᠬᠤ ᠦᠭᠡᠢ᠂ ᠤᠮᠠᠷᠠᠲᠤ ᠬᠢᠯᠢ ᠶᠢᠨ ᠵᠠᠭᠤᠨ ᠪᠠᠳᠠᠭ ᠬᠤᠪᠢᠰᠬᠠᠯᠲᠤ ᠳᠠᠭᠤᠤ ᠰᠤᠷᠴᠤ ᠳᠠᠭᠤᠯᠠᠨ᠂ ︽ᠮᠠᠭᠲᠠᠭᠠᠯ ᠳᠠᠭᠤᠤ︾   ᠶᠢᠨ ᠵᠤᠬᠢᠶᠠᠭᠳᠠᠭᠰᠠᠨ ᠦᠯᠢᠭᠡᠷ ᠢ ᠨᠢᠭᠡ ᠤᠳᠠᠭ᠎ᠠ ᠰᠣᠨᠣᠰᠴᠦ ᠪᠤᠢ᠃ ᠡᠬᠦᠨ ᠠᠴᠠ ᠭᠠᠳᠠᠨ᠎ᠠ᠂ ᠥᠪᠥᠷ ᠮᠣᠩᠭᠤᠯ ᠤᠨ ᠦᠨᠳᠦᠰᠦᠲᠡᠨ ᠤ ᠴᠢᠯᠦᠭᠡᠯᠡᠯᠲᠡ ᠶᠢᠨ ᠳᠤᠷᠠᠰᠬᠠᠯ ᠤᠨ ᠣᠷᠳᠣᠨ ᠳᠤ ︽ᠭᠡᠷᠡᠯ ᠰᠠᠴᠤᠷᠠᠩᠭᠤᠢ ᠣᠨ ᠰᠠᠷ᠎ᠠ ᠶᠢ ᠤᠶᠢᠯᠠᠭᠠᠬᠤ︾᠂ ︽︿5 · 1﹀ ᠤ ᠬᠤᠷᠠᠯ ᠤᠨ ᠪᠠᠭᠤᠷᠢ ᠳᠤ ᠨᠢᠭᠡ ᠤᠳᠠᠭ᠎ᠠ ᠶᠡᠭᠡ ᠬᠤᠷᠠᠯ ᠢ ᠮᠡᠳᠡᠷᠡᠬᠦ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯ ᠤᠨ ᠬᠤᠷᠢᠶ᠎ᠠ ᠶᠢᠨ ᠠᠯᠪᠠᠨ ᠠᠵᠢᠯ ᠤᠨ ᠬᠠᠭᠤᠴᠢᠨ ᠪᠠᠭᠤᠷᠢ ᠳᠤ ︽ᠨᠠᠮ ᠤᠨ ᠲᠥᠪ ᠬᠤᠷᠢᠶ᠎ᠠ ᠶᠢᠨ ᠳᠠᠭᠤᠨ ᠢ ᠨᠢᠭᠡ ᠤᠳᠠᠭ᠎ᠠ ᠰᠣᠨᠣᠰᠬᠤ︾᠂ ᠨᠢᠭᠡ ᠳᠠᠯᠠᠪᠠᠢ ᠬᠤᠪᠢᠰᠬᠠᠯᠳᠦ ᠵᠦᠴᠦᠭᠡ ᠦᠵᠡᠬᠦ ᠂ ︽ᠵᠢᠷᠭᠤᠭᠠᠨ ᠦᠬᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠤᠨ ᠲᠤᠰᠬᠠᠢ ᠰᠡᠳᠦᠪᠲᠦ ᠬᠢᠴᠢᠶᠡᠯ ᠰᠣᠨᠣᠰᠬᠤ᠂ ᠨᠢᠭᠡ ᠤᠳᠠᠭ᠎ᠠ ᠶᠢᠨ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭᠠᠨ ᠳᠤ ᠤᠷᠤᠯᠴᠠᠬᠤ᠂ ᠪᠦᠯᠬᠦᠮᠳᠡᠯ ᠤᠨ ᠮᠤᠳᠤ ᠲᠠᠷᠢᠬᠤ ᠵᠢᠴᠢ ᠨᠢᠭᠡ ᠵᠤᠷᠪᠤᠰ ᠬᠤᠪᠢᠰᠬᠠᠯ ᠤᠨ ᠵᠢᠭᠤᠯᠴᠢᠯᠠᠯ ᠤᠨ ᠰᠤᠳᠤᠨ ᠵᠠᠮ ᠱᠤᠭᠤᠮ ᠢᠶᠠᠷ ᠠᠶᠠᠯᠠᠬᠤ ᠵᠡᠷᠭᠡ ᠠᠭᠤᠯᠭ᠎ᠠ ᠶᠢ ᠪᠠᠭᠳᠠᠭᠠᠵᠠᠢ᠃     ᠨᠢᠭᠡ ᠵᠡᠭᠡᠯᠢ ᠳᠤ ᠨᠢᠭᠡ ᠣᠨᠴᠠᠯᠢᠭ ᠲᠠᠢ᠂ ᠨᠢᠭᠡ ᠰᠠᠷ᠎ᠠ ᠳᠤ ᠨᠢᠭᠡ ᠴᠤᠭᠯᠠᠭᠠᠨ ᠲᠠᠢ᠃ ᠣᠳᠣᠬᠠᠨ ᠳᠤ ᠤᠯᠠᠭᠠᠨᠬᠤᠲᠠ ᠶᠢᠨ ᠡᠯ᠎ᠡ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠨᠢᠭᠡᠨᠲᠡ ︽ᠠᠨᠠᠷ ᠤᠨ ᠦᠷ᠎ᠡ︾ ᠬᠥᠷᠰᠢ ᠵᠡᠷᠭᠡᠯᠡᠳᠡᠭᠡ ᠶᠢᠨ ᠰᠣᠶᠣᠯ ᠤᠨ ᠴᠤᠭᠯᠠᠭ᠎ᠠ ᠶᠢ 70 ᠭᠠᠷᠤᠢ ᠲᠠᠯᠠᠪᠠᠢ ᠥᠷᠨᠢᠭᠦᠯᠵᠦ᠂ ᠣᠷᠣᠯᠴᠠᠭᠰᠠᠨ ᠬᠥᠮᠥᠨ ᠤ ᠲᠤᠭ᠎ᠠ ᠨᠢ 1.3 ᠲᠦᠮᠡᠨ ᠬᠥᠮᠥᠨ ᠤᠳᠠᠭ᠎ᠠ ᠳᠤ ᠬᠦᠷᠴᠡᠢ᠃ ᠤᠯᠠᠭᠠᠨᠬᠤᠳᠠ ᠭᠤᠶᠢᠳᠠ ᠰᠠᠶᠢᠬᠠᠨ ᠰᠣᠶᠣᠯ ᠤᠨ ︽ᠳᠠᠶᠢᠯᠠᠯᠭ᠎ᠠ︾ ᠶᠢᠨ ᠳᠤᠮᠳᠠ ᠬᠤᠪᠢᠰᠬᠠᠯ ᠤᠨ ᠰᠣᠶᠣᠯ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢᠨ ᠬᠠᠮᠲᠤ ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠨ᠎ᠠ᠃                                ᠰᠤᠷᠪᠤᠯᠵᠢᠯᠠᠭᠴᠢ᠄ ᠭᠤᠤ ᠮᠢᠨ ᠨᠠ      ᠴᠢᠮᠡᠭᠡᠯᠡᠭᠴᠢ᠄ ᠵᠶᠢ ᠶᠦᠨ ᠴᠢ
 
ᠢᠷᠡᠯᠲᠡ᠄ ᠦᠪᠤᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号