ᠪᠠᠶᠠᠷ ᠪᠠᠭ᠋ᠠᠳᠤᠯ ᠲᠠᠢ ︽5 · 1︾ ᠤ ᠵᠤᠭᠠᠴᠠᠯ
ᠨᠡᠶᠢᠲᠡᠯᠡᠭᠰᠡᠨ ᠴᠠᠭ᠄
2024/5/7
    ᠣᠶᠢᠷ᠎ᠠ ᠶᠢᠨ ᠵᠢᠯ ᠳᠤ᠂ ︽ᠪᠡᠶᠡᠴᠢᠯᠡᠨ ᠣᠶᠢᠯᠠᠭᠠᠬᠤ ᠵᠢᠭᠤᠯᠴᠢᠯᠠᠯ︾ ︽ᠬᠥᠳᠡᠭᠡ ᠲᠣᠰᠬᠤᠨ ᠤ ᠵᠢᠭᠤᠯᠴᠢᠯᠠᠯ ︾ ︽ᠠᠮᠢ ᠠᠬᠤᠶ ᠶᠢᠨ ᠵᠢᠭᠤᠯᠴᠢᠯᠠᠯ︾ ᠨᠢ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠠᠵᠢᠯᠯᠠᠭ᠎ᠠ ᠶᠢᠨ ᠰᠢᠨ᠎ᠡ ᠬᠢᠯᠠᠰ ᠴᠡᠭ ᠪᠣᠯᠵᠣ᠂ ᠡᠨᠡ ᠵᠢᠯ ᠤᠨ ︽5.1︾ ᠤ ᠠᠮᠠᠷᠠᠯᠳᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠡᠯ᠎ᠡ ᠭᠠᠵᠠᠷ ᠤᠨ ᠬᠢᠨ ᠣᠯᠠᠨ ᠶᠠᠩᠵᠤ ᠬᠡᠯᠪᠡᠷᠢ ᠶᠢᠨ ᠲᠠᠷᠢᠶᠠᠯᠠᠩ ᠰᠣᠶᠣᠯ ᠤᠨ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠦᠯᠡᠮᠵᠢ ᠣᠯᠠᠨ ᠵᠤᠭᠠᠴᠠᠭᠰᠠᠳ ᠢ  ᠲᠠᠳᠠᠨ ᠠᠪᠴᠢᠷᠠᠵᠠᠢ᠃      ᠤᠯᠠᠭᠠᠨᠬᠤᠲᠠ ᠶᠢᠨ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠰᠢᠷᠢᠰ ᠠᠵᠢᠯᠯᠠᠭ᠎ᠠ ᠶᠢᠨ ᠬᠢᠩᠭᠠᠨ ᠤ ᠰᠢᠨ᠎ᠡ ᠶᠢ ᠡᠭᠦᠳᠬᠦ ᠶᠢ ᠬᠦᠳᠤᠯᠤᠨ ᠲᠠᠭᠠᠭᠤᠯᠬᠤ ᠲᠦᠪ ᠤᠨ ᠵᠠᠯᠠᠭᠤᠴᠤᠳ ᠤᠨ ᠴᠤᠭᠯᠠᠭᠠᠨ ︽+︾ ᠲᠤᠬᠠᠶ ᠶᠢᠨ ᠲᠠᠯᠠᠪᠠᠶ ᠳᠤ᠂ ᠥᠪᠡᠷᠮᠢᠴᠡ ᠣᠨᠴᠠᠯᠢᠭ ᠲᠠᠢ ᠪᠦᠲᠦᠭᠡᠯᠴᠢ ᠵᠢᠷᠤᠭ ᠲᠥᠯᠥᠪᠯᠡᠭᠡ᠂ ᠨᠢᠳᠦ ᠳᠦᠭᠦᠷᠡᠩ ᠭᠠᠷ ᠤᠷᠠᠯᠠᠯ ᠤᠨ ᠪᠦᠲᠦᠭᠡᠭᠳᠡᠬᠦᠨ᠂ ᠨᠤᠲᠤᠭ ᠤᠨ ᠵᠢᠩᠬᠢᠨᠢ ᠠᠮᠲᠠᠲᠤ ᠢᠳᠡᠭᠡᠨ᠂ ᠬᠥᠷ ᠬᠦᠭᠵᠢᠶᠡᠨ ᠲᠠᠢ ᠵᠠᠬ᠎ᠠ ᠳᠡᠯᠭᠡᠭᠦᠷ ᠤᠨ ᠭᠠᠵᠠᠷ ᠪᠤᠯᠭᠠᠨ ᠳᠤ ᠵᠠᠯᠠᠭᠤ ᠨᠠᠰᠤᠨ ᠤ ᠠᠭᠤᠷ ᠠᠮᠢᠰᠬᠤᠯ ᠢᠯᠡᠷᠡᠵᠦ᠂ ᠵᠠᠯᠠᠭᠤ ᠨᠢᠭᠡ ᠦᠶ᠎ᠡ ᠶᠢᠨ ᠬᠢᠨ ᠤ ᠰᠢᠨ᠎ᠡ ᠶᠢ ᠡᠭᠦᠳᠬᠦ ᠪᠠ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠵᠠᠯᠠᠭᠤᠴᠤᠳ ᠤᠨ ᠴᠤᠭᠯᠠᠭᠠᠨ ᠤ ᠦᠢᠯᠡᠰ ᠪᠤᠰᠬᠠᠭᠴᠢ ᠯᠢ ᠰᠢᠨ ᠥᠪᠡᠷ ᠤᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢᠶᠠᠨ ᠠᠪᠴᠢᠷᠠᠭᠠᠳ ᠤᠯᠠᠨ ᠤ ᠰᠠᠶᠢᠨ ᠦᠨᠡᠯᠡᠯᠲᠡ ᠶᠢ ᠤᠯᠪᠠ᠃ ︽ᠮᠠᠰᠢ ᠤᠯᠠᠨ ᠵᠠᠯᠠᠭᠤᠴᠤᠳ ᠮᠢᠨᠦ ᠤᠷᠠᠨ ᠪᠢᠴᠢᠯᠭᠡ ᠤᠷᠠᠨ ᠵᠢᠷᠤᠭ ᠢ ᠬᠤᠳᠠᠯᠳᠤᠨ ᠠᠪᠬᠤ ᠶᠢ ᠠᠰᠠᠭᠤᠨ ᠯᠠᠪᠯᠠᠭᠰᠠᠨ ᠳᠤ ᠮᠠᠰᠢ ᠶᠡᠭᠡ ᠠᠮᠵᠢᠯᠲᠠ ᠲᠠᠢ ᠰᠠᠨᠠᠭᠳᠠᠵᠤ᠂ ᠪᠠᠰᠠ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ ᠤᠷᠠᠨ ᠪᠢᠴᠢᠯᠭᠡ ᠶᠢᠨ ᠰᠣᠶᠣᠯ ᠢ ᠤᠯᠠᠮᠵᠢᠯᠠᠵᠤ᠂ ᠨᠡᠩ ᠤᠯᠠᠨ ᠵᠠᠯᠠᠭᠤᠴᠤᠳ ᠢ ᠤᠷᠠᠨ ᠪᠢᠴᠢᠯᠭᠡ ᠳᠤ ᠪᠠᠭ᠋ᠠᠲᠠᠢ᠂ ᠤᠷᠠᠨ ᠪᠢᠴᠢᠯᠭᠡ ᠳᠤ ᠬᠠᠶᠢᠷᠠᠳᠠᠢ ᠪᠣᠯᠭᠠᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃
    ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠳᠤ᠂ ᠬᠥᠳᠡᠭᠡ ᠲᠣᠰᠬᠤᠨ ᠤ ᠵᠢᠭᠤᠯᠴᠢᠯᠠᠯ ᠨᠢ ᠴᠦ ᠮᠠᠰᠢ ᠣᠯᠠᠨ ᠬᠤᠲᠠ ᠶᠢᠨ ᠠᠷᠠᠳ ᠤᠨ ᠵᠢᠭᠤᠯᠴᠢᠯᠠᠬᠤ ᠬᠠᠯᠠᠭᠤᠨ ᠰᠣᠩᠭᠤᠯᠲᠠ ᠪᠤᠯᠵᠠᠢ᠃ ︽ᠬᠤᠪᠢᠰᠬᠠᠯᠳᠤ ᠠᠳᠤᠭᠤᠨ ᠪᠠᠯᠭᠠᠰᠤ︾ ᠭᠡᠭᠡᠨᠰᠦ᠋ᠮ᠎ᠠ ᠶᠢᠨ ᠭᠤᠷᠪᠠᠳᠤᠭᠠᠷ ᠬᠤᠭᠤᠴᠠᠭᠠᠨ ᠤ ︽ᠲᠢᠶᠠᠨ ᠵᠢᠶᠦ᠋ᠨ ᠬᠤᠨᠳᠠᠭᠠᠲᠤ︾ ᠮᠤᠷᠢᠨ ᠤᠷᠤᠯᠳᠤᠭᠠᠨ ᠭᠤᠶᠢᠳᠠ ᠰᠠᠶᠢᠬᠠᠨ ᠶᠠᠪᠤᠭᠳᠠᠵᠠᠢ᠃ ᠵᠤᠭᠠᠴᠠᠭᠴᠢ ᠯᠢ ᠫᠧᠩ᠄ ︽ᠮᠠᠨ ᠤ ᠨᠢᠭᠡ ᠭᠡᠷ ᠢᠶᠠᠷ ᠢᠶᠠᠨ ᠲᠤᠰᠬᠠᠶᠢᠯᠠᠨ ᠡᠨᠡ ᠤᠳᠠᠭᠠᠨ ᠤ ᠮᠤᠷᠢᠨ ᠤᠷᠤᠯᠳᠤᠭᠠᠨ ᠢ ᠦᠵᠡᠬᠦ ᠪᠠᠷ ᠢᠷᠡᠵᠠᠢ᠂ ᠨᠠᠳᠠ ᠳᠤ ᠭᠤᠶᠢᠳᠠ ᠰᠠᠶᠢᠬᠠᠨ ᠰᠠᠨᠠᠭᠳᠠᠵᠤ᠂ ᠡᠨᠡ ᠤᠳᠠᠭ᠎ᠠ ᠶᠢᠨ ᠠᠶᠠᠯᠠᠯ ᠦᠨᠡᠭᠡᠷ ᠤᠳᠬ᠎ᠠ ᠠᠭᠤᠯᠭ᠎ᠠ ᠲᠠᠢ︕︾ ᠭᠡᠵᠦ ᠪᠠᠶᠠᠷᠳᠠᠶᠢᠬᠠᠨ ᠬᠡᠯᠡᠪᠡ᠃
    ᠤᠯᠠᠭᠠᠨᠬᠤᠲᠠ ᠶᠢᠨ ᠢᠯᠠᠯᠳᠠ ᠪᠠᠯᠭᠠᠰᠤ ᠪᠣᠯᠤᠨ ᠤᠯᠠᠭᠠᠨᠬᠠᠳᠠ ᠪᠠᠯᠭᠠᠰᠤ ᠶᠢᠨ ᠰᠠᠨ ᠾᠧ ᠲᠣᠰᠬᠤᠨ  ᠬᠠᠪᠤᠷ ᠤᠨ ᠲᠠᠷᠢᠶᠠᠯᠠᠭ᠎ᠠ ᠶᠢᠨ ᠮᠡᠳᠡᠯᠭᠡ ᠶᠢᠨ ᠪᠠᠭ᠎ᠠ ᠬᠢᠴᠢᠶᠡᠯ ᠤᠨ ᠲᠠᠩᠬᠢᠮ ᠵᠡᠷᠭᠡ ᠠᠵᠢᠯᠯᠠᠭ᠎ᠠ ᠦᠷᠨᠢᠬᠦᠯᠵᠤ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ ᠰᠢᠨ᠎ᠡ ᠵᠢᠭᠤᠯᠴᠢᠯᠠᠯ ᠤᠨ ᠠᠷᠭ᠎ᠠ ᠶᠢᠨ ᠰᠢᠨ᠎ᠡ ᠶᠢ ᠡᠭᠦᠳᠴᠤ᠂ ᠵᠤᠭᠠᠴᠠᠭᠰᠠᠳ ᠲᠤ ᠴᠣ ᠰᠢᠨ᠎ᠡ ᠵᠢᠭᠤᠯᠴᠢᠯᠠᠯ ᠤᠨ ᠣᠶᠢᠯᠠᠭᠠᠯᠲᠠ ᠶᠢ ᠠᠪᠴᠢᠷᠠᠵᠤ ᠦᠭᠴᠠᠢ᠃ ᠰᠢᠶᠧ ᠵᠢᠶᠠ ᠢ ᠪᠢᠴᠢᠬᠠᠨ ᠨᠠᠶᠢᠵᠠ᠄ ︽ᠥᠨᠥᠳᠦᠷ ᠪᠠᠭᠰᠢ ᠪᠢᠳᠡᠨ ᠳᠤ ᠲᠠᠷᠢᠶ᠎ᠠ ᠲᠠᠷᠢᠬᠤ ᠶᠢ ᠵᠢᠭᠠᠵᠤ ᠦᠭᠪᠡ᠂ ᠪᠢ ᠬᠠᠪᠤᠷ ᠤᠨ ᠲᠠᠷᠢᠶᠠᠯᠠᠭ᠎ᠠ ᠶᠢᠨ ᠮᠡᠳᠡᠯᠭᠡ ᠶᠢ ᠡᠵᠡᠮᠰᠢᠭᠰᠡᠨ ᠪᠥᠭᠡᠳ ᠲᠠᠷᠢᠶᠠᠴᠢᠨ ᠠᠪᠠᠭ᠎ᠠ ᠶᠢᠨ ᠵᠣᠪᠠᠭᠤᠷᠢ ᠵᠦᠳᠡᠭᠦᠷᠢ ᠶᠢ ᠴᠦ ᠣᠶᠢᠯᠠᠭᠠᠪᠠ᠂ ᠤᠯᠠᠨ ᠢᠶᠠᠷ ᠢᠶᠠᠨ ᠬᠤᠵᠢᠮ ᠠᠮᠤ ᠪᠤᠳᠠᠭ᠎ᠠ ᠪᠠᠨ ᠢᠯᠡᠭᠦᠬᠡᠨ ᠨᠠᠨᠳᠢᠩᠨᠠᠬᠤ ᠶᠢ ᠬᠦᠰᠡᠵᠦ ᠪᠠᠶᠢᠨ᠎ᠠ︾ ᠭᠡᠵᠦ  ᠪᠠᠶᠠᠷᠳᠠᠶᠢᠬᠠᠨ ᠬᠡᠯᠡᠵᠠᠢ᠃
    ᠣᠶᠢᠯᠠᠭᠠᠭᠰᠠᠨ ᠢᠶᠠᠷ᠂ ︽5.1︾ ᠤ ᠠᠮᠠᠷᠠᠯᠳᠠ ᠶᠢᠨ ᠬᠤᠭᠤᠴᠠᠭᠠᠨ ᠳᠤ᠂ ᠤᠯᠠᠭᠠᠨᠬᠤᠲᠠ ᠨᠡᠶᠢᠲᠡ 33.26 ᠲᠦᠮᠡᠨ ᠬᠥᠮᠦᠨ ᠢ ᠲᠠᠲᠠᠵᠤ᠂ ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠪᠡ᠃  ᠵᠤᠭᠠᠴᠠᠯ ᠤᠨ ᠦᠢᠯᠡᠰ ᠤᠨ ᠶᠡᠷᠦᠩᠬᠡᠢ ᠣᠷᠣᠯᠭ᠎ᠠ 2024.03 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.5% ᠪᠠᠷ ᠨᠡᠮᠡᠭᠳᠡᠪᠡ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号