ᠦᠰᠦᠭ ᠪᠢᠴᠢᠭ ᠢᠶᠠᠷ ᠦᠬᠦᠯᠡᠬᠦᠢ ᠄ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/5/9
  ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠰᠡᠷᠭᠡᠨ ᠣᠲᠣ ᠦᠶ᠎ᠡ ᠶᠢᠨ ᠲᠠᠷᠢᠶᠠᠯᠠᠩ ᠤᠨ  ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠳᠤ᠄   ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠶᠢᠨ ᠶᠠᠪᠤᠳᠠᠯ ᠤᠨ ᠬᠤᠷᠢᠶ᠎ᠡ ᠠᠴᠠ ᠲᠠᠷᠬᠠᠭᠠᠭᠰᠠᠨ ﹇2023﹈ 18 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠲᠠᠷᠬᠠᠭᠠᠭᠰᠠᠨ ﹇2023﹈ 26 ᠳ᠋ᠤᠭᠠᠷ ᠲᠣᠭᠠᠲᠤ︶᠂ ︽ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠬᠦ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠠᠶᠢᠮᠠᠭ ᠤᠨ ᠵᠠᠬᠢᠷᠭ᠎ᠠ ᠶᠢᠨ ᠦᠰᠦᠭᠳᠤ ﹇2024﹈ 31 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠳᠠ ᠶᠢᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ   ᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠂ ᠡᠳᠦᠭᠡ ᠬᠤᠯᠪᠣᠭᠳᠠᠯ ᠪᠦᠬᠦᠢ ᠵᠦᠢᠯ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ  ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ  ᠰᠢᠵᠢᠮ ᠪᠣᠯᠭᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠨᠡᠨ ᠠᠴᠠ ᠵᠥᠪ ᠢ ᠡᠷᠢᠬᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠤᠯᠢ ᠶᠣᠰᠣᠭᠠᠷ ᠬᠡᠷᠡᠭᠵᠢᠭᠦᠯᠬᠦ ᠶᠢ ᠪᠠᠷᠢᠮᠲᠠᠯᠠᠨ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠠᠶᠢᠷᠢᠯᠠᠭᠤᠯᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠳᠤ ᠮᠠᠨ ᠤ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠬᠤ ᠶᠢ ᠪᠠᠲᠤᠯᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ᠃        ᠬᠤᠶᠠᠷ᠂ ᠬᠠᠷᠠᠯᠲᠠ ᠡᠭᠦᠷᠭᠡ     ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠷᠠᠳᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠶᠢᠨ ᠶᠣᠰᠣᠭᠠᠷ᠂ ᠳᠣᠣᠷᠠᠬᠢ ᠮᠡᠲᠦ ᠠᠵᠢᠯ ᠤᠨ ᠬᠠᠷᠠᠯᠲᠠ ᠪᠠ ᠡᠭᠦᠷᠭᠡ ᠶᠢ ᠪᠡᠶᠡᠯᠡᠭᠦᠯᠦᠨ᠎ᠡ᠄ ᠨᠢᠭᠡ ᠳᠤ᠂ ᠪᠥᠬᠦ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠭᠠᠷᠴᠠᠭ ᠢ ᠭᠠᠷᠭᠠᠵᠤ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠢ ᠮᠠᠭᠠᠳᠯᠠᠨ ᠲᠣᠭᠲᠠᠭᠠᠵᠤ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠳᠡᠩᠰᠡᠯᠡᠨ ᠨᠡᠶᠢᠲᠡᠯᠡᠬᠦ ᠲᠠᠰ ᠳᠠᠷᠠᠭᠠᠯᠠᠯ ᠢ ᠵᠢᠷᠤᠮᠵᠢᠭᠤᠯᠵᠤ᠂ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠰᠢᠰᠲ᠋ᠧᠮ ᠢ ᠪᠦᠷᠢᠨᠰᠢᠭᠦᠯᠦᠨ᠎ᠡ᠃ ᠬᠤᠶᠠᠷ ᠲᠤ᠂ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠨᠡᠶᠢᠳᠡᠮ ᠪᠠᠶᠢᠴᠠᠭᠠᠬᠤ᠂ ᠲᠤᠰᠬᠠᠢ ᠪᠠᠶᠢᠴᠠᠭᠠᠯᠲᠠ ᠬᠢᠬᠦ᠂ ᠬᠥᠳᠡᠯᠦᠩᠭᠦᠢ ᠬᠢᠨᠠᠨ ᠬᠡᠮᠵᠢᠬᠦ ᠶᠢ ᠤᠶᠠᠯᠳᠤᠭᠤᠯᠤᠭᠰᠠᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠎ᠠ᠃ ᠭᠤᠷᠪᠠ ᠳᠤ᠂ ᠲᠤᠰᠬᠠᠢ ᠮᠡᠷᠭᠡᠵᠢᠯ ᠤᠨ ᠠᠵᠢᠯᠲᠠᠨ ᠢ ᠬᠥᠮᠥᠵᠢᠭᠦᠯᠦᠨ ᠪᠣᠯᠪᠠᠰᠤᠷᠠᠭᠤᠯᠵᠤ᠂ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠮᠠᠭᠠᠯᠠᠬᠤ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠪᠦᠬᠦ ᠠᠷᠠᠳ ᠤᠨ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠎ᠠ᠃  ᠭᠤᠷᠪᠠ᠂ ᠨᠡᠶᠢᠳᠡᠮ ᠪᠠᠶᠢᠴᠠᠭᠠᠯᠳᠡ ᠶᠢᠨ ᠬᠡᠪᠴᠢᠶ᠎ᠡ ᠪᠣᠯᠣᠨ ᠠᠭᠤᠯᠭ᠎ᠠ   ︵ᠨᠢᠭᠡ︶ ᠨᠡᠶᠢᠳᠡᠮ ᠪᠠᠶᠢᠴᠠᠭᠠᠯᠳᠡ ᠶᠢᠨ ᠬᠡᠪᠴᠢᠶ᠎ᠡ᠃ ᠮᠠᠨ ᠤ ᠬᠤᠲᠠ ᠶᠢᠨ ᠨᠢᠭᠡᠨᠲᠡ ᠮᠠᠭᠠᠳᠯᠠᠨ ᠲᠣᠭᠲᠠᠭᠠᠵᠤ᠂ ᠳᠠᠩᠰᠠᠯᠠᠭᠤᠯᠤᠭᠰᠠᠨ 30 ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠢ ᠳᠠᠬᠢᠨ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠠᠩᠰᠠᠯᠠᠨ᠎ᠠ᠃   ︵ᠬᠤᠶᠠᠷ︶ ᠨᠡᠶᠢᠳᠡᠮ ᠪᠠᠶᠢᠴᠠᠭᠠᠯᠳᠡ ᠶᠢᠨ ᠠᠭᠤᠯᠭ᠎ᠠ᠃ ᠡᠭᠦᠨ ᠳᠤ ᠨᠡᠶᠢᠳᠡᠮ ᠪᠠᠶᠢᠴᠠᠭᠠᠬᠤ ᠡᠲᠡᠭᠡᠳ ᠤᠨ ᠨᠡᠷᠡᠶᠢᠳᠦᠯ᠂ ᠣᠷᠣᠨ ᠵᠠᠢ ᠶᠢᠨ ᠪᠠᠶᠢᠷᠢᠰᠢᠯ᠂ ᠬᠠᠮᠠᠭᠠᠯᠠᠯᠲᠠ ᠶᠢᠨ ᠲᠡᠰ᠂ ᠲᠡᠦᠬᠡ ᠶᠢᠨ ᠳᠤᠷᠠᠰᠬᠠᠯᠲᠤ ᠵᠤᠶᠢᠯᠡᠰ ᠤᠨ ᠳᠦᠷᠦᠯ ᠢᠯᠭᠠᠯ᠂ ᠣᠨ ᠵᠢᠯ᠂ ᠡᠷᠬᠡ ᠶᠢᠨ ᠬᠠᠷᠢᠶᠠᠯᠠᠯ᠂ ᠬᠡᠷᠡᠭᠯᠡᠭᠰᠡᠨ ᠪᠠᠶᠢᠳᠠᠯ᠂ ᠬᠠᠳᠠᠭᠠᠯᠠᠭᠰᠠᠨ ᠪᠠᠶᠢᠳᠠᠯ ᠵᠡᠷᠭᠡ ᠪᠠᠭᠲᠠᠨ᠎ᠠ᠃        ᠳᠥᠷᠪᠡ᠂ ᠴᠠᠭ ᠤᠨ ᠲᠣᠬᠢᠷᠠᠭᠤᠯᠤᠯᠲᠠ   ᠲᠦᠷᠦ ᠶᠢᠨ ᠶᠠᠪᠤᠳᠠᠯ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 11 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠳᠠᠭᠤᠰᠬᠤ ᠪᠣᠯᠲᠠᠯ᠎ᠠ᠂ ᠭᠤᠷᠪᠠᠨ ᠱᠠᠲᠤ ᠬᠤᠪᠢᠶᠠᠨ ᠶᠠᠪᠤᠭᠳᠠᠭᠤᠯᠤᠨ᠎ᠠ᠃ ᠨᠡᠶᠢᠳᠡᠮ ᠪᠠᠶᠢᠴᠠᠭᠠᠯᠲᠠ ᠶᠢᠨ  ᠪᠠᠷᠢᠮᠵᠢᠶᠠᠳᠤ ᠴᠠᠭ ᠨᠢ 2024 ᠣᠨ ᠤ 4 ᠰᠠᠷ᠎ᠠ ᠶᠢᠨ 30 ᠤ ᠡᠳᠦᠷ ᠪᠣᠯᠣᠨ᠎ᠠ᠃ 2023 ᠣᠨ ᠤ 11 ᠰᠠᠷ᠎ᠠ ᠠᠴᠠ 2024 ᠣᠨ ᠤ 4 ᠰᠠᠷ᠎ᠠ ᠪᠣᠯᠲᠠᠯᠠᠬᠢ ᠬᠤᠭᠤᠴᠠᠭ᠎ᠠ ᠪᠣᠯ ᠨᠡᠶᠢᠳᠡᠮ ᠪᠠᠶᠢᠴᠠᠭᠠᠯᠲᠠ ᠶᠢᠨ ᠨᠢᠭᠡᠳᠦᠭᠡᠷ ᠱᠠᠲᠤ ᠪᠣᠯᠣᠨ᠎ᠠ᠂ ᠭᠤᠣᠯ ᠡᠭᠦᠷᠭᠡ ᠨᠢ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠪᠠᠶᠢᠭᠤᠯᠵᠤ᠂ ᠪᠣᠯᠪᠠᠰᠤᠷᠠᠯ᠂ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠨ᠎ᠡ᠃ 2024 ᠣᠨ ᠤ 5 ᠰᠠᠷ᠎ᠠ ᠠᠴᠠ 2025 ᠣᠨ ᠤ 5 ᠰᠠᠷ᠎ᠠ ᠪᠣᠯᠲᠠᠯᠠᠬᠢ ᠬᠤᠭᠤᠴᠠᠭ᠎ᠠ ᠶᠢ ᠨᠡᠶᠢᠳᠡᠮ ᠪᠠᠶᠢᠴᠠᠭᠠᠯᠲᠠ ᠶᠢᠨ ᠬᠤᠶᠠᠳᠤᠭᠠᠷ ᠱᠠᠲᠤ ᠦᠶ᠎ᠡ ᠪᠣᠯᠭᠠᠵᠤ᠂ ᠭᠤᠣᠯ ᠡᠭᠦᠷᠭᠡ ᠨᠢ  ᠬᠤᠰᠢᠭᠤ ᠰᠢᠶᠠᠨ ᠤ ᠬᠡᠪᠴᠢᠶ᠎ᠡ ᠪᠠᠷ ᠦᠨᠳᠦᠰᠦᠨ ᠨᠢᠭᠡᠴᠢ ᠪᠣᠯᠭᠠᠨ᠂ ᠪᠤᠳᠠᠳᠠᠢ ᠭᠠᠵᠠᠷ ᠲᠤᠨᠢ ᠲᠡᠦᠬᠡ ᠶᠢᠨ ᠳᠤᠷᠠᠰᠬᠠᠯᠲᠤ ᠵᠦᠢᠯᠡᠰ ᠤᠨ ᠪᠠᠶᠢᠴᠠᠭᠠᠯᠲᠠ ᠶᠢ ᠥᠷᠨᠢᠭᠦᠯᠦᠨ᠎ᠡ᠃ 2025 ᠣᠨ ᠤ 6 ᠰᠠᠷ᠎ᠠ ᠠᠴᠠ 2026 ᠣᠨ ᠤ 6 ᠰᠠᠷ᠎ᠠ ᠪᠣᠯᠲᠠᠯᠠᠬᠢ ᠬᠤᠭᠤᠴᠠᠭ᠎ᠠ ᠪᠣᠯ ᠨᠡᠶᠢᠳᠡᠮ ᠪᠠᠶᠢᠴᠠᠭᠠᠯᠲᠠ ᠶᠢᠨ ᠭᠤᠷᠪᠠᠳᠤᠭᠠᠷ ᠱᠠᠲᠤ ᠦᠶ᠎ᠡ ᠪᠣᠯᠣᠨ᠎ᠠ᠂ ᠭᠤᠣᠯ ᠡᠭᠦᠷᠭᠡ ᠨᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠢ ᠬᠠᠤᠯᠢ ᠶᠣᠰᠣᠭᠠᠷ ᠮᠠᠭᠠᠳᠯᠠᠨ ᠲᠣᠭᠲᠠᠭᠠᠵᠤ᠂ ᠳᠡᠩᠰᠡᠯᠡᠨ ᠲᠡᠮᠳᠡᠭᠯᠡᠬᠦ ᠶᠢᠨ ᠬᠠᠮᠲᠤ ᠨᠡᠶᠢᠲᠡᠯᠡᠵᠦ᠂ ᠪᠥᠬᠦ ᠬᠤᠲᠠ ᠶᠢᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠤᠶᠢᠯᠡᠰ ᠤᠨ ᠡᠬᠢ ᠪᠠᠶᠠᠯᠢᠭ ᠤᠨ ᠭᠠᠷᠴᠠᠭ ᠢ ᠪᠠᠶᠢᠭᠤᠯᠤᠨ᠂ ᠰᠢᠯᠭᠠᠨ ᠠᠪᠬᠤ ᠶᠢ ᠪᠡᠶᠡᠯᠡᠭᠦᠯᠬᠦ ᠶᠢᠨ ᠬᠠᠮᠲᠤ ᠨᠡᠶᠢᠭᠡᠮ ᠨᠡᠶᠢᠲᠡ ᠳᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠨᠡᠶᠢᠲᠡᠯᠡᠨ᠎ᠡ᠃ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠶᠢᠨ ᠳᠤᠷᠠᠰᠬᠠᠯᠲᠤ ᠵᠤᠶᠢᠯᠡᠰ ᠢ ᠵᠤᠬᠢᠴᠠᠩᠭᠤᠢ ᠲᠠᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠨᠢᠭᠡᠴᠢ ᠪᠠᠷ ᠬᠢᠨᠠᠨ ᠲᠣᠭᠲᠠᠭᠠᠵᠤ ᠨᠡᠶᠢᠲᠡᠯᠡᠨ᠎ᠡ᠃  ᠡᠯ᠎ᠡ ᠰᠠᠯᠠᠭ᠎ᠠ ᠮᠥᠴᠢᠷ ᠤᠨ ᠬᠢᠨ ᠨᠡᠶᠢᠳᠡᠮ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ᠂ ᠴᠠᠭ ᠲᠤᠨᠢ ᠲᠣᠬᠢᠷᠠᠭᠤᠯᠤᠨ ᠰᠢᠯᠵᠢᠭᠦᠯᠵᠦ ᠪᠣᠯᠣᠰᠢ ᠦᠭᠡᠢ ᠴᠢᠬᠤᠯᠠ ᠲᠡᠦᠬᠡ ᠶᠢᠨ ᠳᠤᠷᠠᠰᠬᠠᠯᠲᠤ ᠵᠤᠶᠢᠯᠡᠰ ᠢ ᠵᠤᠬᠢᠴᠠᠩᠭᠤᠢ ᠲᠡᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠬᠠᠮᠠᠭᠠᠯᠠᠯᠲᠠ ᠶᠢᠨ ᠨᠢᠭᠡᠴᠢ ᠪᠣᠯᠭᠠᠨ  ᠬᠢᠨᠠᠨ ᠲᠣᠭᠲᠠᠭᠠᠵᠤ ᠨᠡᠶᠢᠲᠡᠯᠡᠬᠦ ᠬᠡᠷᠡᠭᠳᠡᠢ᠃  ᠲᠠᠪᠤ᠂  ᠪᠠᠲᠤᠯᠠᠭ᠎ᠠ ᠶᠢᠨ ᠠᠷᠭ᠎ᠠ ᠠᠪᠴᠠᠯ    ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠪᠣᠯ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠶᠢᠨ ᠴᠢᠬᠤᠯᠠ ᠪᠦᠷᠢᠯᠳᠤᠬᠦᠨ ᠬᠡᠰᠡᠭ ᠮᠦᠨ᠂ ᠤᠯᠤᠰ ᠤᠨ ᠲᠡᠦᠬᠡ ᠰᠣᠶᠣᠯ ᠤᠨ ᠥᠪ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠠᠷᠭ᠎ᠠ ᠠᠪᠴᠠᠯ ᠮᠥᠨ᠃ ᠮᠠᠨ ᠤ ᠤᠯᠤᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠴᠢᠬᠤᠯᠠ ᠰᠠᠭᠤᠷᠢ ᠠᠵᠢᠯ ᠮᠥᠨ᠂ ᠡᠨᠡ ᠨᠢ ᠰᠢ ᠶᠢᠨ ᠫᠢᠩ ᠶᠡᠷᠦᠩᠬᠡᠢ ᠱᠦᠵᠢ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠣᠶᠣᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠢᠶᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠳᠡᠢ᠃   ︵ᠬᠤᠶᠠᠷ︶ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ᠎ᠠ᠃ ᠲᠡᠦᠬᠡ ᠶᠢᠨ ᠳᠤᠷᠠᠰᠬᠠᠯᠲᠤ ᠵᠤᠶᠢᠯᠡᠰ   ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ ᠤᠯᠠᠭᠠᠨᠬᠤᠲᠠ ᠶᠢᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠤᠴᠢᠷ ᠢ ᠬᠢᠨᠠᠨ ᠲᠣᠭᠲᠠᠭᠠᠵᠤ᠂ ᠮᠠᠨ ᠤ ᠬᠤᠳᠠ ᠶᠢᠨ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠪᠣᠯᠭᠠᠬᠤ ᠦᠭᠡᠢ᠂ ᠡᠭᠦᠷᠭᠡ ᠪᠠᠨ ᠪᠡᠶᠡᠯᠡᠭᠦᠯᠦᠭᠰᠡᠨ ᠤ ᠳᠠᠷᠠᠭ᠎ᠠ ᠠᠶᠠᠨᠳᠠᠭᠠᠨ ᠬᠦᠴᠦᠨ ᠦᠭᠡᠢ ᠪᠣᠯᠭᠠᠨ᠎ᠠ᠃ ᠳᠡᠭᠡᠳᠦ ᠱᠠᠲᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠵᠣᠬᠢᠴᠠᠩᠭᠤᠢ ᠨᠡᠶᠢᠳᠡᠮ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠮᠠᠨ ᠤ ᠬᠤᠲᠠ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠳᠡᠢ᠃      ︵ᠭᠤᠷᠪᠠ︶ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠤᠨ᠎ᠠ᠃ ︽ᠬᠢᠩᠭᠠᠨ ᠠᠶᠢᠮᠠᠭ ᠤᠨ ᠣᠯᠠᠨ ᠨᠡᠶᠢᠲᠡ ᠶᠢᠨ ᠰᠣᠶᠣᠯ ᠤᠨ ᠬᠦᠷᠢᠶ᠎ᠡ ᠬᠢᠭᠡᠳ ᠬᠤᠰᠢᠭᠤ ᠰᠢᠶᠠᠨ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ᠤᠨ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠢ ᠵᠣᠬᠢᠬᠤ ᠣᠨ ᠤ ᠡᠳ᠋ ᠤᠨ ᠵᠠᠰᠠᠭ ᠤᠨ ᠲᠥᠰᠥᠪ ᠲᠤ ᠣᠷᠣᠭᠤᠯᠤᠨ ᠴᠠᠭ ᠲᠤᠬᠠᠢ ᠳᠤᠨᠢ ᠰᠢᠯᠵᠢᠭᠦᠯᠦᠨ ᠥᠭᠴᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃     ︵ᠳᠥᠷᠪᠡ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠲᠣᠭᠲᠠᠭᠤᠨ ᠪᠠᠶᠢᠯᠭᠠᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠵᠦ᠂ ᠨᠥᠬᠦᠴᠡᠯ ᠳᠤ ᠨᠡᠶᠢᠴᠡᠬᠦ ᠬᠥᠮᠥᠰ ᠢ ᠤᠷᠢᠨ ᠬᠡᠷᠡᠭᠯᠡᠬᠦ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠢ ᠠᠴᠠ ᠵᠥᠪᠳᠡᠯᠴᠡᠵᠦ ᠪᠠᠶᠢᠭᠠᠳ ᠨᠡᠶᠢᠳᠡᠮ ᠪᠠᠶᠢᠴᠠᠭᠠᠯᠲᠠ ᠶᠢᠨ ᠡᠩᠨᠡᠭᠡ ᠳᠤ ᠣᠷᠣᠭᠤᠯᠵᠤ ᠪᠣᠯᠣᠨ᠎ᠠ᠂ ᠤᠷᠢᠨ ᠬᠡᠷᠡᠭᠯᠡᠬᠦ ᠬᠥᠮᠥᠰ ᠤᠨ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ ᠳᠣᠲᠣᠷ᠎ᠠ ᠠᠴᠠ ᠭᠠᠷᠭᠠᠵᠤ᠂ ᠤᠷᠢᠨ ᠬᠡᠷᠡᠭᠯᠡᠬᠦ ᠪᠠᠶᠢᠭᠤᠯᠭ᠎ᠠ ᠨᠢᠭᠡᠴᠢ ᠠᠴᠠ ᠭᠠᠷᠭᠠᠵᠤ᠂ ᠵᠥᠪᠳᠡᠯᠴᠡᠨ ᠰᠢᠯᠵᠢᠭᠦᠯᠬᠦ ᠬᠥᠮᠥᠰ ᠲᠤ ᠤᠤᠯ ᠤᠨ ᠪᠠᠶᠢᠭᠤᠯᠭ᠎ᠠ ᠨᠢᠭᠡᠴᠢ ᠶᠢᠨ ᠠᠵᠢᠯ ᠤᠨ ᠪᠠᠶᠢᠷᠢ ᠶᠢ ᠦᠯᠡᠳᠡᠭᠡᠵᠦ᠂ ᠴᠠᠯᠢᠩ᠂ ᠬᠦᠷᠳᠡᠭᠡᠮᠵᠢ ᠵᠢᠴᠢ ᠪᠤᠰᠤᠳ ᠣᠯᠭᠤᠮᠵᠢ ᠶᠢ ᠪᠠᠭᠤᠷᠠᠭᠤᠯᠬᠤ ᠦᠭᠡᠢ᠂ ᠳᠡᠭᠡᠳᠦ ᠰᠤᠷᠭᠠᠭᠤᠯᠢ ᠲᠠᠢ ᠬᠠᠮᠲᠤᠷᠠᠨ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠰᠣᠷᠣᠭᠴᠢ ᠶᠢ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠳᠤ ᠣᠷᠣᠯᠴᠠᠭᠤᠯᠬᠤ ᠶᠢᠨ ᠬᠠᠮᠲᠤ ᠲᠡᠳᠡᠨ ᠤ ᠵᠢᠭᠠᠨ ᠰᠤᠷᠭᠠᠬᠤ ᠳᠠᠳᠤᠯᠭ᠎ᠠ ᠶᠢᠨ ᠬᠢᠴᠢᠶᠡᠯ ᠪᠣᠯᠭᠠᠵᠤ ᠪᠣᠯᠣᠨ᠎ᠠ᠃    ︵ᠲᠠᠪᠤ︶ ᠨᠡᠶᠢᠳᠡᠮ ᠪᠠᠶᠢᠴᠠᠭᠠᠯᠲᠠ ᠶᠢᠨ ᠬᠠᠮᠢᠶᠠᠷᠤᠯᠲᠠ ᠶᠢ ᠰᠠᠶᠢᠲᠤᠷ ᠬᠢᠨ᠎ᠠ᠃ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠪᠠᠯᠭᠠᠰᠤ ︵ᠬᠦᠷᠢᠶᠡᠯᠡᠩ ᠲᠣᠭᠤᠷᠢᠭ︶᠂ ᠵᠡᠭᠡᠯᠢ ᠶᠢᠨ ᠬᠡᠷᠡᠭ ᠡᠷᠬᠢᠯᠡᠬᠦ ᠭᠠᠵᠠᠷ ᠨᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠨᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠤᠭᠤᠳ ᠰᠢᠭᠤᠳ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ᠬᠤᠳᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠢᠯᠣᠭᠤᠳᠤᠨ ᠳᠠᠩᠰᠠᠯᠠᠭᠰᠠᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠠᠭᠯᠠᠨ ᠮᠡᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠶᠠᠰᠤ ᠴᠢᠨᠠᠷ   ᠤᠨ ᠡᠵᠡᠮᠳᠡᠯ ᠢ ᠴᠢᠩᠭᠠᠳᠬᠠᠨ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ ᠬᠡᠷᠡᠭᠵᠢᠭᠦᠯᠵᠦ᠂ ᠨᠡᠶᠢᠳᠡᠮ ᠪᠠᠶᠢᠴᠠᠭᠠᠯᠲᠠ   ᠶᠢᠨ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ  ᠣᠨᠣᠪᠴᠢᠲᠠᠶ᠂ ᠪᠦᠷᠢᠨ ᠭᠦᠢᠴᠡᠳ ᠢᠲᠡᠭᠡᠮᠵᠢᠲᠡᠢ ᠪᠠᠶᠢᠬᠤ ᠶᠢ ᠦᠨᠡᠨ ᠬᠦ ᠪᠠᠲᠤᠯᠠᠵᠤ᠂ ᠨᠡᠶᠢᠳᠡᠮ ᠪᠠᠶᠢᠴᠠᠭᠠᠯᠲᠠ  ᠶᠢᠨ ᠲᠤᠭ᠎ᠠ ᠪᠠᠷᠢᠮᠲᠠ ᠳᠤ ᠵᠣᠷᠢᠭᠤᠳᠠ ᠭᠠᠷ ᠲᠦᠷᠦᠭᠦ ᠡᠯ᠎ᠡ ᠵᠦᠢᠯ ᠤᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃   ︵ᠵᠢᠷᠭᠤᠭ᠎ᠠ︶ ᠬᠠᠷᠢᠭᠤᠴᠠᠯᠭ᠎ᠠ ᠨᠡᠬᠡᠮᠵᠢᠯᠡᠨ ᠠᠰᠠᠭᠤᠬᠤ ᠶᠢ ᠴᠢᠩᠳᠠᠯᠠᠨ᠎ᠠ᠃ ᠡᠯ᠎ᠡ  ᠪᠠᠶᠢᠭᠤᠯᠭ᠎ᠠ ᠨᠢᠭᠡᠴᠢ ᠪᠣᠯᠣᠨ ᠬᠤᠪᠢ ᠬᠥᠮᠥᠨ ᠳᠠᠩᠰᠠᠯᠠᠭᠰᠠᠨ ᠮᠡᠳᠡᠭᠡ ᠵᠠᠩᠭᠢ ᠪᠠᠨ ᠦᠨᠡᠨ ᠮᠥᠨ ᠢᠶᠠᠷ ᠨᠢ ᠲᠠᠭᠯᠠᠨ ᠮᠡᠳᠡᠭᠦᠯᠬᠦ᠂ ᠬᠤᠳᠠᠯ ᠢᠶᠠᠷ ᠮᠡᠳᠡᠭᠦᠯᠵᠦ᠂ ᠮᠡᠳᠡᠭᠦᠯᠬᠦ ᠦᠭᠡᠢ ᠨᠢᠭᠤᠬᠤ᠂ ᠮᠡᠳᠡᠭᠦᠯᠬᠦ ᠶᠢ ᠲᠡᠪᠴᠢᠬᠦ᠂ ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠬᠠᠭᠤᠷᠮᠠᠭ ᠢᠶᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠪᠣᠯᠣᠨ ᠮᠠᠲ᠋ᠧᠷᠢᠶᠠᠯ   ᠢ ᠲᠣᠬᠢᠲᠠᠢ ᠬᠠᠳᠠᠭᠠᠯᠠᠵᠤ᠂ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠤᠯᠤᠰ ᠤᠨ ᠨᠢᠭᠤᠴᠠ ᠶᠢ ᠬᠠᠮᠠᠭᠠᠯᠠᠬᠤ ᠡᠭᠦᠷᠭᠡ ᠶᠢ ᠭᠦᠢᠴᠡᠳᠬᠡᠬᠦ ᠬᠡᠷᠡᠭᠲᠡᠢ᠂ ᠬᠡᠷᠪᠡ ᠳᠡᠭᠡᠷ᠎ᠡ ᠳᠤᠷᠠᠳᠤᠭᠰᠠᠨ ᠪᠠᠶᠢᠳᠠᠯ ᠭᠠᠷᠪᠠᠯ᠂ ᠬᠠᠤᠯᠢ ᠰᠠᠬᠢᠯᠭ᠎ᠠ ᠶᠣᠰᠣᠭᠠᠷ ᠰᠢᠢᠳᠪᠦᠷᠢᠯᠡᠬᠦ ᠬᠡᠷᠡᠭᠲᠡᠢ᠃ ᠲᠡᠦᠬᠡ ᠶᠢᠨ ᠳᠤᠷᠠᠰᠬᠠᠯᠲᠤ  ᠵᠤᠶᠢᠯᠡᠰ ᠢ ᠨᠡᠶᠢᠳᠡᠮ ᠪᠠᠶᠢᠴᠠᠭᠠᠬᠤ ᠶᠠᠪᠤᠴᠠ ᠳᠤ᠂ ᠬᠡᠷᠪᠡ ᠵᠣᠷᠢᠭᠤᠳᠠ ᠡᠪᠳᠡᠯᠦᠭᠰᠡᠨ᠂ ᠬᠢᠨᠠᠨ ᠬᠠᠮᠢᠶᠠᠷᠤᠯᠳᠡ ᠨᠢ ᠰᠤᠯᠠ ᠵᠡᠷᠭᠡ ᠰᠢᠯᠲᠠᠭᠠᠨ ᠠᠴᠠ ᠪᠣᠯᠵᠤ ᠨᠢᠭᠡᠨᠲᠡ ᠳᠠᠩᠰᠠᠯᠠᠭᠤᠯᠤᠭᠰᠠᠨ ᠲᠡᠦᠬᠡ ᠶᠢᠨ ᠳᠤᠷᠠᠰᠬᠠᠯᠲᠤ ᠵᠤᠶᠢᠯᠡᠰ ᠢ ᠡᠪᠳᠡᠯᠭᠡ ᠳᠤ ᠤᠴᠠᠷᠠᠭᠤᠯᠤᠭᠰᠠᠨ᠂ ᠬᠦᠴᠦᠨ ᠦᠭᠡᠢ ᠪᠣᠯᠭᠠᠭᠰᠠᠨ᠂ ᠤᠰᠠᠳᠬᠠᠵᠤ ᠭᠡᠭᠡᠭᠳᠡᠭᠦᠯᠦᠭᠰᠡᠨ ᠪᠠᠶᠢᠳᠠᠯ ᠢ ᠣᠯᠵᠤ ᠮᠡᠳᠡᠪᠡᠯ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠬᠠᠤᠯᠢ ᠰᠠᠬᠢᠯᠭ᠎ᠠ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠢ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠬᠦ ᠬᠡᠷᠡᠭᠲᠡᠢ᠃                                2024 ᠣᠨ ᠤ 2 ᠰᠠᠷ᠎ᠠ ᠶᠢᠨ 18 ᠤ ᠡᠳᠤᠷ
 
ᠢᠷᠡᠯᠲᠡ᠄ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号