ᠢᠯᠠᠯᠳᠠ ᠪᠠᠯᠭᠠᠰᠤᠨ ᠤ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠲᠠᠶ ᠡᠷᠴᠢᠮᠵᠢᠬᠦᠯᠤᠨ ᠠᠰᠢᠭᠯᠠᠬᠤ ᠢᠨᠵᠧᠨᠧᠷᠢᠩ ᠤᠨ ᠲᠥᠷᠥᠯ ᠵᠤᠶᠢᠯ ᠡᠮᠬᠢ ᠵᠢᠷᠤᠮ ᠲᠠᠢ ᠶᠠᠪᠤᠭᠳᠠᠵᠤ ᠪᠣᠶ
ᠨᠡᠶᠢᠲᠡᠯᠡᠭᠰᠡᠨ ᠴᠠᠭ᠄
2024/5/9
  ᠤᠢᠢᠷ᠎ᠠ ᠶᠢᠨ ᠬᠤᠭᠤᠴᠠᠭᠠᠨ ᠳᠤ᠂ ᠤᠯᠠᠭᠠᠨᠬᠤᠲᠠ ᠶᠢᠨ ᠢᠯᠠᠯᠳᠠ ᠪᠠᠯᠭᠠᠰᠤ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠢᠨᠵᠧᠨᠧᠷᠢᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠪᠠᠷ ᠳᠠᠮᠵᠢᠭᠤᠯᠵᠤ᠂ ᠲᠠᠷᠢᠶᠠᠯᠠᠩ ᠤᠨ ᠤᠰᠤᠨ ᠠᠰᠢᠭᠯᠠᠯᠲᠠ ᠶᠢᠨ ᠢᠨᠵᠧᠨᠧᠷᠢᠩ ᠤᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠡᠢ᠃        3 ᠰᠠᠷ᠎ᠠ ᠶᠢᠨ ᠰᠡᠭᠦᠯᠴᠢ ᠠᠴᠠ ᠨᠠᠰᠢ᠂ ᠲᠣᠰ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠬᠥᠷ ᠬᠥᠭᠵᠢᠶᠡᠨ ᠲᠠᠢ ᠶᠠᠪᠤᠭᠳᠠᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠭᠤᠤᠯᠳᠠᠭᠤ ᠭᠤᠷᠪᠠᠨ ᠬᠡᠰᠡᠭ ᠲᠤ ᠬᠤᠪᠢᠶᠠᠪᠠ  ᠃ ᠤᠯᠠᠭᠠᠨᠬᠤᠲᠠ ᠶᠢᠨ ᠤᠰᠤᠨ ᠠᠰᠢᠭᠯᠠᠯᠲᠠ ᠶᠢᠨ ᠦᠢᠯᠡᠰ ᠤᠨ ᠬᠦᠭᠵᠢᠬᠦᠯᠦᠯᠳᠡ ᠶᠢᠨ ᠲᠥᠪ ᠤᠨ ᠳᠡᠳ᠋ ᠡᠷᠬᠢᠯᠡᠭᠴᠢ ᠸᠠᠩ ᠶᠦᠩ ᠤᠨ ᠲᠠᠨᠢᠯᠴᠠᠭᠤᠯᠤᠭᠰᠠᠨ ᠢᠶᠠᠷ᠂ ᠲᠤᠰ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ ᠨᠢ 510 ᠲᠦᠮᠡᠨ ᠲᠥᠭᠦᠷᠢᠭ ᠬᠦᠷᠴᠤ᠂ 5 ᠰᠠᠷ᠎ᠠ ᠳᠤ ᠪᠠᠷᠢᠵᠤ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠮᠡᠳᠡᠭᠡ ᠵᠠᠩᠭᠢ ᠴᠤᠭᠯᠠᠭᠤᠯᠬᠤ ᠨᠢᠭᠡᠴᠢ ᠶᠢ ᠲᠡᠭᠦᠯᠳᠡᠷᠵᠢᠭᠦᠯᠵᠦ᠂ ᠤᠰᠤᠯᠠᠯᠲᠠ ᠶᠢᠨ ᠣᠷᠣᠨ ᠤ ᠬᠠᠭᠠᠯᠲᠠ ᠶᠢ ᠠᠯᠤᠰ ᠡᠵᠡᠮᠰᠢᠯ ᠢᠶᠠᠷ ᠪᠡᠶᠡᠯᠡᠭᠦᠯᠵᠦ᠂ ᠤᠰᠤᠯᠠᠯᠲᠠ ᠶᠢᠨ ᠣᠷᠣᠨ ᠤ ᠬᠠᠮᠢᠶᠠᠷᠤᠯᠲᠠ ᠶᠢᠨ ᠨᠢᠭᠡᠴᠢ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠣᠳᠣᠯᠭ᠎ᠠ ᠲᠣᠭᠲᠠᠭᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠ ᠤᠰᠤᠯᠠᠯᠲᠠ ᠶᠢᠨ ᠦᠷ᠎ᠡ ᠠᠰᠢᠭ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠷᠬᠢᠨ ᠲᠣᠭᠤᠷᠢᠨ ᠤ 10000 ᠮᠥ ᠲᠠᠷᠢᠶᠠᠨ ᠭᠠᠵᠠᠷ ᠲᠤ ᠤᠰᠤᠯᠠᠯᠳᠠ ᠶᠢᠨ ᠪᠠᠲᠤᠯᠠᠭ᠎ᠠ ᠬᠠᠩᠭᠠᠵᠤ᠂ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠪᠡᠶᠡᠯᠡᠬᠦᠯᠵᠤ ᠪᠤᠢ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号