ᠵᠠᠩ ᠰᠢᠶᠤᠤ ᠪᠢᠩ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2024/6/11
    6 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠤᠤ ᠪᠢᠩ ᠤᠯᠠᠭᠠᠨᠬᠤᠲᠠ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ  ᠢ ᠳᠥᠯᠭᠢᠨ ᠠᠬᠢᠭᠤᠯᠤᠭᠰᠠᠨ ᠪᠠᠶᠢᠳᠠᠯ ᠢ ᠰᠢᠨᠵᠢᠯᠡᠨ ᠪᠠᠶᠢᠴᠠᠭᠠᠵᠠᠢ᠃     ᠵᠠᠩ ᠰᠢᠶᠤᠤ ᠪᠢᠩ ᠬᠡᠯᠡᠭᠰᠡᠨ ᠨᠢ᠂ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠪᠣᠯ ᠡᠬᠢ ᠪᠠᠶᠠᠯᠢᠭ ᠤᠨ ᠲᠣᠬᠢᠷᠠᠭᠤᠯᠤᠯᠲᠠ ᠶᠢ ᠠᠬᠢᠭᠤᠯᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠂ ᠦᠢᠯᠡᠴᠢᠯᠡᠭᠡᠨ ᠤ ᠰᠢᠰᠲ᠋ᠧᠮ ᠢ ᠳᠠᠬᠢᠨ ᠪᠠᠶᠢᠭᠤᠯᠬᠤ ᠴᠢᠬᠤᠯᠠ ᠶᠡᠭᠡ ᠥᠭᠡᠷᠡᠴᠢᠯᠡᠯᠲᠡ ᠮᠥᠨ᠃ ᠪᠥᠬᠦ ᠠᠶᠢᠮᠠᠭ ᠤᠨ ᠡᠯ᠎ᠡ ᠱᠠᠲᠤᠨ ᠤ ᠬᠢᠨ ᠠᠷᠠᠳ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠪᠠᠷ ᠭᠤᠤᠯ ᠪᠤᠯᠭᠠᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠬᠠᠷᠢᠭᠤᠴᠠᠯᠭ᠎ᠠ ᠪᠠᠨ ᠰᠠᠶᠢᠳᠤᠷ ᠨᠠᠶᠢᠳᠠᠪᠤᠷᠢᠵᠢᠭᠤᠯᠵᠦ᠂ ︽ᠭᠤᠷᠪᠠᠨ ᠡᠮᠨᠡᠯᠭᠡ︾ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠤᠨ᠂ ᠡᠬᠢ ᠪᠠᠶᠠᠯᠢᠭ ᠢ ᠨᠡᠶᠢᠯᠡᠭᠦᠯᠬᠦ᠂ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠶᠠᠰᠤ ᠴᠢᠨᠠᠷ ᠢ ᠴᠢᠩᠭᠠᠷᠠᠭᠤᠯᠤᠨ ᠦᠷ᠎ᠡ ᠠᠰᠢᠭ ᠢ ᠲᠡᠭᠡᠭᠰᠢᠯᠡᠭᠦᠯᠬᠦ ᠬᠡᠷᠡᠭᠲᠡᠶ᠃ ᠬᠠᠮᠢᠶᠠᠷᠤᠯᠲᠠ ᠶᠢᠨ ᠲᠤᠬᠳᠠᠴᠠ ᠶᠢ ᠪᠦᠷᠢᠨᠰᠢᠬᠦᠯᠵᠦ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠡᠮᠴᠢᠯᠡᠭᠡᠨ ᠤ ᠬᠠᠮᠲᠤ ᠶᠢᠨ ᠴᠣᠭᠴᠠ ᠳᠠᠬᠢ ᠰᠡᠷᠭᠡᠶᠢᠯᠡᠨ ᠵᠠᠰᠠᠬᠤ ᠶᠢ ᠴᠢᠩᠭᠠᠷᠠᠭᠤᠯᠵᠦ᠂ ᠲᠦᠷᠭᠡᠨ ᠤᠳᠠᠭᠠᠨ ᠡᠪᠡᠳᠴᠢᠨ ᠢ ᠰᠠᠯᠭᠠᠨ ᠵᠠᠰᠠᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠮᠡᠷᠭᠡᠵᠢᠯ ᠤᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠣᠲᠣ ᠪᠠᠶᠢᠭ᠎ᠠ ᠡᠬᠢ ᠪᠠᠶᠠᠯᠢᠭ ᠢ ᠪᠦᠲᠦᠮᠵᠢᠲᠡᠶ ᠠᠰᠢᠭᠯᠠᠨ᠂ ᠠᠶᠢᠮᠠᠭ ᠳᠠᠶᠠᠭᠠᠷ ᠢᠶᠠᠨ ᠬᠤᠯᠪᠣᠭᠠᠯᠠᠨ ᠬᠥᠳᠡᠯᠦᠯᠴᠡᠵᠦ᠂ ᠣᠷᠣᠨ ᠤ ᠭᠠᠳᠠᠨᠠᠬᠢ ᠨᠠᠷᠠᠲᠤ ᠡᠮᠨᠡᠯᠭᠡ ᠶᠢᠨ ᠬᠤᠷᠢᠶ᠎ᠠ᠂ ᠲᠤᠰᠬᠠᠶ ᠮᠡᠷᠭᠡᠵᠢᠯᠲᠡᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠲᠤᠰᠬᠠᠶ ᠰᠠᠯᠠᠭ᠎ᠠ ᠬᠤᠯᠪᠣᠭᠠᠯᠠᠬᠤ᠂ ᠠᠯᠤᠰ ᠵᠠᠶ ᠶᠢᠨ ᠡᠮᠴᠢᠯᠡᠭᠡ ᠬᠢᠬᠦ ᠵᠡᠷᠭᠡ ᠠᠷᠭ᠎ᠠ ᠮᠠᠶ᠋ᠢᠭ ᠢ ᠪᠦᠲᠦᠮᠵᠢᠲᠡᠶ ᠬᠡᠷᠡᠭᠯᠡᠨ᠂ ᠠᠶᠢᠮᠠᠭ ᠤᠨ ᠳᠣᠲᠣᠭᠠᠳᠤ ᠶᠢᠨ ᠡᠮᠴᠢᠯᠡᠭᠡᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠲᠤᠰᠬᠠᠶ ᠰᠠᠯᠠᠭ᠎ᠠ ᠶᠢᠨ ᠴᠢᠳᠠᠪᠤᠷᠢ ᠪᠠ ᠬᠦᠴᠢᠷ ᠲᠦᠪᠡᠭᠲᠡᠶ ᠬᠦᠨᠳᠦ ᠡᠪᠡᠳᠴᠢᠨ ᠢ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ ᠡᠬᠢ ᠪᠠᠶᠠᠯᠢᠭ ᠢ ᠳᠣᠷᠣᠭᠰᠢ ᠪᠠᠭᠤᠯᠭᠠᠵᠦ᠂ ᠰᠢᠶᠠᠨ ᠢᠶᠠᠷ ᠰᠢᠶᠠᠩ ᠢ ᠳᠠᠶᠢᠴᠢᠯᠠᠬᠤ ᠪᠠ ᠰᠢᠶᠠᠩ ᠢᠶᠠᠷ ᠲᠣᠰᠬᠤᠨ ᠢ ᠳᠠᠶᠢᠴᠢᠯᠠᠬᠤ ᠶᠢ ᠪᠠᠷᠢᠮᠲᠠᠯᠠᠨ᠂ ᠬᠡᠷ ᠪᠦᠯᠢ ᠶᠢᠨ ᠡᠮᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠣᠤᠷᠵᠢᠭᠤᠯᠤᠨ ᠬᠠᠮᠢᠶᠠᠷᠴᠤ᠂ ᠣᠯᠠᠨ ᠲᠦᠮᠡᠨ ᠤ ᠡᠷᠡᠭᠦᠯ ᠮᠡᠨᠳᠦ ᠶᠢᠨ ᠲᠠᠩᠰᠠ ᠡᠪᠬᠡᠮᠡᠯ ᠢ ᠪᠠᠶᠢᠭᠤᠯᠤᠨ ᠪᠦᠷᠢᠨᠰᠢᠬᠦᠯᠵᠦ᠂ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠤᠨ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠰᠠᠶᠢᠳᠤᠷ ᠬᠡᠷᠡᠭᠯᠡᠵᠦ᠂ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠪᠠ ᠠᠵᠢᠯᠯᠠᠭᠠᠨ ᠢ ᠴᠢᠩᠭᠠᠳᠬᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠵᠣᠭᠤᠰ᠂ ᠠᠮᠢ ᠠᠪᠤᠷᠠᠬᠤ ᠵᠣᠭᠤᠰ ᠢ ᠦᠨᠡᠨᠬᠦ ᠰᠠᠶᠢᠲᠤᠷ ᠰᠠᠬᠢᠨ ᠬᠠᠮᠠᠭᠠᠯᠠᠵᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠰᠢᠭᠦᠯᠵᠦ᠂ ᠦᠷᠬᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号