ᠤᠯᠠᠭᠠᠨᠬᠤᠲᠠ ᠶᠢᠨ ᠳᠤᠳᠤᠭᠠᠳᠦ ᠶᠢ ᠬᠠᠮᠠᠭᠠᠯᠠᠬᠤ ᠲᠤᠪᠴᠢᠶ᠎ᠠ ᠣᠯᠠᠨ ᠠᠷᠭ᠎ᠠ ᠬᠡᠮᠵᠢᠶ᠎ᠡ ᠠᠪᠴᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠠᠮᠤᠷ ᠳᠦᠪᠰᠢᠨ ᠢ ᠪᠠᠳᠤᠯᠠᠵᠠᠢ
ᠨᠡᠶᠢᠲᠡᠯᠡᠭᠰᠡᠨ ᠴᠠᠭ᠄
2024/6/11
      2024 ᠣᠨ ᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ 6 ᠰᠠᠷ᠎ᠠ ᠶᠢᠨ 7 ᠤ ᠡᠳᠦᠷ ᠡᠬᠢᠯᠡᠪᠡ᠃ ᠥᠷᠭᠡᠨ ᠣᠯᠠᠨ ᠰᠢᠯᠭᠠᠭᠤᠯᠤᠭᠴᠢ ᠳᠤ ᠠᠮᠤᠷ ᠲᠦᠪᠰᠢᠨ᠂ ᠡᠮᠬᠢ ᠵᠢᠷᠤᠮ ᠲᠠᠢ᠂ ᠨᠠᠮ ᠵᠢᠮ ᠰᠢᠯᠭᠠᠯᠲᠠ ᠶᠢᠨ ᠣᠷᠴᠢᠨ ᠨᠥᠬᠦᠴᠡᠯ ᠢ ᠬᠠᠩᠭᠠᠬᠤ ᠪᠠᠷ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠡᠬᠢᠨ ᠤ ᠡᠳᠦᠷ᠂ ᠬᠢᠩᠭᠠᠨ ᠠᠶᠢᠮᠠᠭ ᠤᠨ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 80 ᠭᠠᠷᠤᠶ ᠴᠠᠭᠳᠠᠭ᠎ᠠ 50 ᠭᠠᠷᠤᠶ ᠵᠢᠷᠦᠮ ᠤᠨ ᠴᠠᠭᠳᠠᠭ᠎ᠠ ᠨᠠᠷ ᠬᠠᠮᠲᠤᠷᠠᠨ ᠤᠯᠠᠭᠠᠨᠬᠤᠲᠠ ᠨᠢᠭᠡᠳᠦᠭᠡᠷ ᠳᠤᠮᠳᠠᠳᠤ ᠰᠤᠷᠭᠠᠭᠤᠯᠢ᠂ ᠤᠯᠠᠭᠠᠨᠬᠤᠲᠠ ᠬᠤᠶᠠᠳᠤᠭᠠᠷ ᠳᠤᠮᠳᠠᠳᠤ ᠰᠤᠷᠭᠠᠭᠤᠯᠢ᠂ ᠤᠯᠠᠭᠠᠨᠬᠤᠲᠠ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠵᠢᠭᠦᠷᠯᠡᠬᠦ ᠭᠠᠵᠠᠷ ᠲᠤ ᠬᠦᠷᠴᠦ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠪᠠᠳᠤᠯᠠᠵᠠᠢ᠃       ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠢᠯᠭᠠᠯᠲᠠ ᠶᠢᠨ ᠴᠡᠭ ᠤᠨ ᠡᠷᠭᠢᠨ ᠲᠣᠭᠤᠷᠢᠨ ᠳᠤ ᠲᠦᠷ ᠴᠠᠭ ᠬᠠᠮᠢᠶᠠᠷᠬᠤ ᠴᠡᠭ ᠲᠤᠬᠢᠷᠠᠭᠤᠯᠤᠨ ᠲᠡᠷᠭᠡ ᠬᠥᠰᠭᠡ ᠶᠢ ᠬᠥᠲᠥᠯᠥᠨ ᠵᠢᠯᠣᠭᠤᠳᠴᠤ᠂ ᠰᠢᠯᠭᠠᠯᠲᠠ ᠶᠢᠨ ᠴᠡᠭ ᠵᠦᠭ ᠨᠡᠪᠲᠡᠷᠡᠬᠦ ᠭᠤᠣᠯ ᠵᠠᠮ᠂ ᠵᠠᠮ ᠤᠨ ᠠᠭᠤᠯᠵᠠᠷ ᠪᠣᠯᠤᠨ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠵᠠᠮ ᠤᠨ ᠡᠮᠬᠢ ᠲᠢᠭᠯᠢᠮ ᠢ ᠪᠠᠳᠤᠯᠠᠨ᠂ ᠤᠯᠠᠭᠠᠨ ᠳ᠋ᠧᠩ ᠢ ᠵᠥᠷᠢᠴᠡᠬᠦ᠂ ᠰᠥᠷᠭᠡᠦ ᠶᠠᠪᠤᠬᠤ᠂ ᠲᠡᠷᠭᠡ ᠪᠠᠨ ᠳᠤᠷ᠎ᠠ ᠪᠠᠷ ᠢᠶᠠᠨ ᠵᠣᠭᠰᠣᠭᠠᠬᠤ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠠᠴᠠ ᠵᠥᠷᠢᠴᠡᠬᠦ ᠵᠡᠷᠭᠡ ᠠᠵᠢᠯᠯᠠᠭ᠎ᠠ ᠶᠢ ᠬᠤᠷᠢᠬᠯᠠᠵᠠᠢ᠃       ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠪᠠᠴᠢᠮ ᠪᠠᠶᠢᠳᠠᠯ ᠢ ᠠᠷᠭᠠᠴᠠᠭᠠᠬᠤ ᠴᠠᠭᠳᠠᠭᠠᠨ ᠤ ᠬᠦᠴᠦᠨ ᠪᠠ ᠲᠡᠷᠭᠡ ᠬᠥᠰᠭᠡ ᠶᠢ ᠲᠤᠰᠬᠠᠶᠢᠯᠠᠨ ᠲᠣᠬᠢᠷᠠᠭᠤᠯᠵᠤ᠂ ᠵᠠᠮ ᠬᠠᠷᠢᠯᠴᠠᠭᠠᠨ ᠤ ᠲᠦᠭᠵᠢᠷᠡᠯ᠂ ᠵᠠᠮ ᠬᠠᠷᠢᠯᠴᠠᠭᠠᠨ ᠤ ᠡ᠊ᠨᠳᠡᠯ ᠵᠢᠴᠢ ᠰᠢᠯᠭᠠᠯᠲᠠ ᠶᠢᠨ ᠦᠨᠡᠮᠯᠡᠯ ᠢᠶᠠᠨ ᠮᠠᠷᠲᠠᠭᠰᠠᠨ ᠰᠢᠯᠭᠠᠭᠤᠯᠤᠭᠴᠢ ᠳᠤ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠦᠢᠯᠡᠴᠢᠯᠡᠭᠡ ᠬᠠᠩᠭᠠᠵᠤ᠂ ᠰᠢᠯᠭᠠᠭᠤᠯᠤᠭᠴᠢ᠂ ᠰᠢᠯᠭᠠᠯᠲᠠ ᠬᠢᠨᠠᠭᠴᠢ ᠪᠠᠭᠰᠢ ᠪᠠ ᠰᠢᠯᠭᠠᠯᠲᠠ ᠶᠢᠨ ᠬᠠᠭᠤᠳᠠᠰᠤ ᠶᠢ ᠲᠡᠭᠡᠭᠡᠪᠦᠷᠢᠯᠡᠨ ᠬᠦᠷᠭᠡᠬᠦ ᠲᠡᠷᠭᠡ ᠬᠥᠰᠭᠡ ᠳᠤ ︽ᠰᠠᠭᠠᠳ ᠥᠬᠡᠶ ᠨᠡᠪᠲᠡᠷᠡᠬᠦ ᠵᠠᠮ︾ ᠨᠡᠭᠡᠭᠡᠵᠦ ᠥᠭᠴᠡᠶ᠃ ᠪᠠᠰᠠ ︽ᠬᠠᠶᠢᠷ᠎ᠠ ᠬᠠᠯᠠᠮᠵᠢ ᠬᠦᠷᠭᠡᠬᠦ ᠲᠡᠷᠭᠡ︾ ᠲᠣᠬᠢᠷᠠᠭᠤᠯᠵᠤ᠂ ᠣᠨᠴᠠᠭᠠᠶ ᠰᠢᠯᠭᠠᠭᠤᠯᠤᠭᠴᠢ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠠᠵᠢᠯ ᠢ ᠰᠠᠶᠢᠲᠤᠷ ᠬᠢᠵᠡᠢ᠃       ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠰᠠ ᠰᠤᠷᠭᠠᠨ ᠬᠥᠮᠦᠵᠢᠯ᠂ ᠭᠠᠯ ᠰᠡᠷᠭᠡᠶᠢᠯᠡᠵᠤ ᠤᠨᠲᠠᠷᠠᠭᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠢᠯᠭᠠᠯᠲᠠ ᠶᠢᠨ ᠭᠠᠵᠠᠷ᠂ ᠨᠢᠭᠤᠴᠠ ᠶᠢ ᠬᠠᠮᠠᠭᠠᠯᠠᠬᠤ ᠲᠠᠰᠤᠭ ᠤᠨ ᠠᠮᠤᠷ ᠲᠦᠪᠰᠢᠨ ᠤ ᠳᠠᠯᠳᠠ ᠬᠡᠮ ᠵᠢᠴᠢ ᠭᠠᠯ ᠰᠡᠷᠭᠡᠶᠢᠯᠡᠵᠤ ᠤᠨᠲᠠᠷᠠᠭᠠᠬᠤ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠰᠤᠷᠭᠠᠭᠤᠯᠢ ᠶᠢᠨ ᠬᠦᠷᠢᠶᠡᠨ ᠤ ᠭᠠᠯ ᠰᠡᠷᠭᠡᠶᠢᠯᠡᠵᠤ ᠤᠨᠲᠠᠷᠠᠭᠠᠬᠤ ᠪᠠᠭᠠᠵᠢ ᠬᠡᠷᠡᠭᠰᠡᠯ ᠪᠠ ᠠᠮᠤᠷ ᠢ ᠬᠠᠮᠠᠭᠠᠯᠠᠬᠤ ᠬᠦᠴᠦᠨ ᠤ ᠲᠣᠬᠢᠷᠠᠭᠤᠯᠤᠯᠲᠠ ᠪᠦᠷᠢᠨ ᠲᠡᠭᠦᠯᠳᠡᠷ ᠪᠠᠶᠢᠬᠤ ᠡᠰᠡᠬᠦ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠬᠡᠷᠡᠭᠵᠢᠭᠦᠯᠵᠦ ᠪᠣᠯᠬᠤ ᠡᠰᠡᠬᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠵᠡᠷᠭᠡ ᠶᠢ ᠪᠥᠬᠦ ᠲᠠᠯ᠎ᠠ ᠪᠠᠷ ᠪᠠᠶᠢᠴᠠᠭᠠᠵᠦ᠂ ᠰᠤᠷᠭᠠᠭᠤᠯᠢ ᠵᠢᠴᠢ ᠡᠷᠬᠢᠨ ᠲᠣᠭᠤᠷᠢᠨ ᠤ ᠬᠤᠳᠠᠯᠳᠤᠭᠠᠨ ᠤ ᠭᠠᠵᠠᠷ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠠᠢ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭ᠎ᠠ ᠳᠤ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ ᠢ ᠣᠯᠠᠨ ᠭᠠᠷᠭᠠᠵᠤ᠂ ᠰᠢᠯᠭᠠᠭᠤᠯᠤᠭᠴᠢ ᠵᠢᠴᠢ ᠬᠡᠷ ᠤᠨ ᠠᠬᠠᠮᠠᠳ ᠤᠨ ᠭᠤᠶᠤᠴᠢᠯᠠᠯ ᠢ ᠴᠠᠭ ᠲᠤᠬᠠᠶ ᠳᠤᠨᠢ ᠭᠥᠯᠢᠶᠡᠨ ᠠᠪᠴᠤ᠂ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠦᠢᠯᠡᠴᠢᠯᠡᠭᠡᠨ ᠢ ᠪᠦᠬᠦ ᠳᠠᠯ᠎ᠠ ᠪᠠᠷ ᠰᠠᠶᠢᠳᠦᠷ ᠬᠢᠵᠡᠢ᠃                     ︵ᠤᠭ᠍ᠶᠦ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号