︽ᠵᠢᠷᠭᠤᠳᠤᠭᠠᠷ ᠲᠠᠪᠤᠨ ᠵᠢᠯ ︾ ᠤᠨ ᠳᠡᠯᠡᠬᠡᠶ ᠶᠢᠨ ᠣᠷᠴᠢᠨ ᠲᠤᠭᠤᠷᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠭᠰᠡᠨ ᠤᠯᠠᠭᠠᠨᠬᠤᠳᠠ
ᠨᠡᠶᠢᠲᠡᠯᠡᠭᠰᠡᠨ ᠴᠠᠭ᠄
2024/6/11
  ᠤᠯᠠᠨ ᠲᠦᠮᠡᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 5 ᠤ ᠡᠳᠦᠷ᠂ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ ᠶᠢᠨ ᠤᠯᠠᠭᠠᠨᠬᠤᠲᠠ ᠳᠠᠬᠢ ᠬᠤᠪᠢᠶᠠᠷᠢ ᠲᠤᠪᠴᠢᠶ᠎ᠠ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠤᠪᠴᠢᠶ᠎ᠠ᠂ ᠤᠯᠠᠭᠠᠨᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠵᠢᠴᠢ 11 ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠬᠠᠮᠲᠤᠷᠠᠨ ︽ᠵᠢᠷᠭᠤᠳᠤᠭᠠᠷ ᠲᠠᠪᠤᠨ ᠵᠢᠯ︾ ᠤᠨ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃
      ᠤᠯᠠᠭᠠᠨᠬᠤᠲᠠ ᠶᠢᠨ ︽5 · 1︾ ᠠᠭᠤᠳᠠᠮ ᠲᠠᠯᠠᠪᠠᠢ ᠳᠤ᠂ ᠥᠷᠭᠡᠨ ᠤᠯᠠᠨ ᠬᠤᠳᠠ ᠶᠢᠨ ᠠᠷᠠᠳ ᠳᠡᠯᠡᠬᠡᠢ ᠶᠢᠨ ᠣᠷᠴᠢᠨ ᠲᠣᠭᠤᠷᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠴᠤᠭᠯᠠᠷᠠᠵᠤ᠂ ᠠᠵᠢᠯᠲᠠᠳ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠯᠠᠪᠯᠠᠯᠲᠠ ᠶᠢᠨ ᠲᠠᠪᠴᠠᠩ ᠤᠨ ᠡᠮᠦᠨ᠎ᠡ ᠠᠴᠠ ᠬᠤᠭ ᠨᠣᠪᠰᠢ ᠶᠢ ᠲᠦᠷᠦᠯ ᠬᠤᠪᠢᠶᠠᠬᠤ᠂ ᠪᠣᠬᠢᠷᠲᠤᠯ ᠦᠭᠡᠢ ᠠᠶᠠᠯᠠᠯ ᠤᠨ ᠬᠠᠮᠢᠶ᠎ᠠ ᠪᠦᠬᠦᠢ ᠠᠰᠠᠭᠤᠳᠠᠯ ᠢ ᠣᠶᠢᠯᠠᠭᠠᠪᠠ᠃    ︽ᠬᠤᠶᠢᠰᠢᠳᠠ ᠶᠢᠨ ᠠᠮᠢᠳᠤᠷᠠᠯ ᠳᠤ ᠪᠠᠨ᠂ ᠪᠢ ᠨᠢᠭᠡ ᠯᠡ ᠤᠳᠠᠭ᠎ᠠ ᠬᠡᠷᠡᠭᠯᠡᠬᠦ ᠬᠡᠷᠡᠭᠰᠡᠯ ᠢ ᠬᠡᠷᠡᠭᠯᠡᠬᠦ ᠪᠠᠨ ᠪᠠᠭᠠᠰᠬᠠᠵᠤ᠂ ᠬᠤᠭ ᠨᠣᠪᠰᠢ ᠶᠢ ᠲᠦᠷᠦᠯ ᠬᠤᠪᠢᠶᠠᠬᠤ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠶᠢ ᠢᠯᠡᠭᠦᠬᠡᠨ ᠬᠡᠷᠡᠭᠯᠡᠵᠦ᠂ ᠦᠵᠡᠰᠬᠦᠯᠡᠩᠲᠦ ᠰᠠᠶᠢᠬᠠᠨ ᠨᠤᠲᠤᠭ ᠤᠰᠤ ᠪᠠᠨ ᠪᠦᠳᠦᠭᠡᠨ ᠪᠠᠶᠢᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠤᠳᠠ ᠶᠢᠨ ᠠᠷᠠᠳ ᠶᠤᠸᠠᠨ ᠱᠤᠸᠠᠢ ᠬᠡᠯᠡᠪᠡ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 2000 ᠭᠠᠷᠤᠶ ᠤᠬᠠᠭᠤᠯᠭ᠎ᠠ ᠶᠢᠨ ᠳᠡᠪᠲᠡᠷ᠂ 500 ᠭᠠᠷᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠳᠠᠯᠳᠤᠭᠠᠨ ᠤ ᠤᠭᠤᠲᠠ   ᠶᠢ  ᠲᠠᠷᠬᠠᠭᠠᠵᠤ᠂ 15 ᠬᠥᠨᠳᠡᠯᠡᠨ ᠪᠢᠴᠢᠭᠡᠰᠦ ᠶᠢ ᠡᠯᠭᠦᠵᠦ᠂ 24 ᠤᠬᠠᠭᠤᠯᠭ᠎ᠠ ᠶᠢᠨ ᠰᠠᠮᠪᠠᠷ᠎ᠠ ᠭᠠᠷᠭᠠᠵᠤ᠂ ᠲᠤᠬᠠᠶ ᠶᠢᠨ ᠲᠠᠯᠠᠪᠠᠢ ᠳᠤ 80 ᠭᠠᠷᠤᠶ ᠤᠳᠠᠭ᠎ᠠ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号