ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠦ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠬᠡᠷᠡᠭᠲᠡᠢ ᠯᠢ ᠴᠢᠶᠠᠩ ᠸᠠᠩ ᠬᠤ᠋ ᠨᠢᠩ  ᠼᠠᠢ ᠴᠢ ᠣᠷᠣᠯᠴᠠᠪᠠ
ᠨᠡᠶᠢᠲᠡᠯᠡᠭᠰᠡᠨ ᠴᠠᠭ᠄
2024/6/12
     ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 11 ᠤ ᠴᠠᠭᠢᠯᠭᠠᠨ ᠮᠡᠳᠡᠭᠡ︶ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 6 ᠰᠠᠷ᠎ᠠ ᠶᠢᠨ 11 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠠᠪᠤᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠲᠤᠬᠠᠢ ᠰᠠᠨᠠᠯ︾᠂ ︽ᠠᠮᠤ ᠪᠤᠳᠠᠭ᠎ᠠ ᠳᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾᠂ ︽ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠲᠤᠬᠠᠢ ᠰᠠᠨᠠᠯ ᠤᠳ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠪᠠ᠃      ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠳᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠵᠠᠰᠠᠭ ᠠᠵᠤ ᠠᠬᠤᠶᠢᠯᠠᠯ ᠢ ᠰᠠᠯᠭᠠᠭᠰᠠᠨ᠂ ᠬᠠᠮᠢᠶᠠᠷᠤᠯᠲᠠ ᠰᠢᠨᠵᠢᠯᠡᠬᠦ ᠤᠬᠠᠭᠠᠨᠴᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠠᠬᠢᠭᠤᠯᠵᠤ᠂ ᠨᠡᠩ ᠤᠯᠠᠨ ᠳᠡᠯᠡᠬᠡᠢ ᠶᠢᠨ ᠲᠡᠷᠢᠭᠦᠨ ᠤ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ᠃ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠳᠤ ᠡᠷᠬᠡᠪᠰᠢ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠪᠠ ᠣᠷᠣᠨ ᠨᠤᠲᠤᠭ ᠤᠨ ᠠᠮᠤ ᠪᠤᠳᠠᠭ᠎ᠠ ᠲᠠᠷᠢᠬᠤ ᠶᠢ ᠠᠳᠬᠤᠬᠤ ᠢᠳᠡᠪᠬᠢᠵᠢᠯ ᠢ ᠬᠠᠮᠠᠭᠠᠯᠠᠨ ᠲᠠᠶᠢᠴᠢᠯᠠᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠲᠦᠷᠦ ᠶᠢᠨ ᠪᠣᠳᠣᠯᠭ᠎ᠠ ᠶᠢᠨ ᠣᠨᠣᠪᠴᠢᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠡᠭᠡᠭᠡᠯᠲᠡ ᠬᠢᠬᠦ ᠪᠠᠷ ᠰᠢᠨ᠎ᠡ ᠶᠢ ᠡᠭᠦᠳᠬᠦ ᠶᠢ ᠠᠬᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠳᠠᠭᠠᠳᠤ ᠨᠡᠭᠡᠭᠡᠯᠲᠡ ᠬᠢᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠰᠢᠨ᠎ᠡ ᠶᠢ ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠲᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢ ᠲᠤᠪᠤᠶᠢᠯᠭᠠᠵᠦ᠂ ᠨᠡᠭᠡᠭᠡᠯᠲᠡ ᠬᠢᠵᠦ ᠰᠢᠨ᠎ᠡ ᠶᠢ ᠡᠭᠦᠳᠬᠦ ᠳᠦᠷᠢᠮ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠪᠠ᠃      ᠬᠤᠷᠠᠯ ᠠᠴᠠ᠂ ᠳᠤᠮᠳᠠᠳᠤ ᠤᠯᠤᠰ ᠤᠨ ᠣᠨᠴᠠᠯᠢᠭ ᠲᠠᠢ ᠣᠲᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠳᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠭᠦᠨᠳᠦᠳᠭᠡᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠪᠴᠢᠶ᠎ᠡ᠂ ᠬᠥᠭᠵᠢᠯᠲᠡ ᠶᠢᠨ ᠱᠠᠲᠤ ᠦᠶ᠎ᠡ᠂ ᠥᠮᠴᠢᠯᠡᠯ ᠤᠨ ᠳᠦᠷᠢᠮ ᠤᠨ ᠰᠢᠨᠵᠢ ᠴᠢᠨᠠᠷ ᠵᠡᠷᠭᠡ ᠶᠢ ᠦᠨᠳᠦᠰᠦᠯᠡᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠲᠥᠯᠥᠨ ᠵᠢᠯᠤᠭᠤᠳᠬᠤ ᠪᠠᠨ ᠴᠢᠩᠭᠠᠳᠬᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠤᠳᠤᠷᠢᠳᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠳᠤ ᠦᠶ᠎ᠡ ᠶᠢᠨ ᠺᠤᠮᠫᠠᠨᠢ ᠶᠢᠨ ᠵᠠᠰᠠᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠨᠥᠬᠦᠴᠡᠯ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠪᠠᠶᠢᠭᠤᠯᠬᠤ ᠶᠢ ᠵᠣᠷᠢᠭᠵᠢᠭᠤᠯᠵᠤ᠂ ᠬᠠᠤᠯᠢ ᠶᠢᠨ ᠡᠷᠬᠡᠲᠡᠨ ᠤ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠬᠤᠪᠢ ᠣᠷᠣᠭᠤᠯᠤᠭᠴᠢ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠲᠣᠭᠲᠠᠴᠠ ᠪᠣᠯᠣᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠶᠢ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠦᠨ᠎ᠡ ᠬᠠᠩᠰᠢ᠂ ᠨᠥᠬᠦᠪᠦᠷᠢ᠂ ᠳᠠᠭᠠᠳᠬᠠᠯ ᠵᠡᠷᠭᠡ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠡᠵᠡᠩᠨᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠦᠷᠢᠯᠡᠬᠦ ᠶᠢ ᠵᠣᠷᠢᠭᠵᠢᠭᠤᠯᠬᠤ ᠳᠦᠷᠢᠮ ᠢ ᠪᠦᠷᠢᠨᠰᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠳᠤ ᠤᠯᠠᠨ ᠠᠷᠭ᠎ᠠ ᠵᠠᠮ ᠢᠶᠠᠷ ᠠᠰᠢᠭ ᠲᠤᠰᠠ ᠶᠢᠨ ᠨᠥᠬᠦᠪᠦᠷᠢ ᠥᠭᠬᠦ ᠠᠷᠭ᠎ᠠ ᠶᠢ ᠰᠦᠪᠡᠭᠴᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠵᠦ ᠬᠠᠮᠠᠭᠠᠯᠠᠬᠤ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ᠮᠤᠵᠢ ᠶᠢᠨ ᠬᠤᠭᠤᠷᠣᠨᠳᠣᠭᠢ ᠠᠰᠢᠭ ᠲᠤᠰᠠ ᠶᠢᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠬᠤ ᠲᠠᠯ᠎ᠠ ᠪᠠᠷ ᠪᠣᠳᠠᠲᠠᠢ ᠠᠯᠬᠤᠮ ᠢ ᠠᠯᠬᠤᠵᠤ᠂ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ᠂ ᠭᠤᠣᠯ ᠪᠣᠷᠤᠯᠠᠭᠤᠯᠭ᠎ᠠ ᠶᠢᠨ ᠣᠷᠣᠨ᠂ ᠦᠢᠯᠡᠳᠪᠦᠷᠢᠯᠡᠯ ᠪᠣᠷᠤᠯᠠᠭᠤᠯᠭ᠎ᠠ ᠲᠡᠩᠴᠡᠭᠦᠷᠢᠲᠡᠢ ᠣᠷᠣᠨ ᠤ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠲᠤ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠵᠢᠵᠢᠭ ᠲᠠᠷᠢᠶᠠᠴᠢᠨ ᠡᠷᠦᠭᠡ ᠪᠣᠯᠣᠨ ᠰᠢᠨ᠎ᠡ ᠭᠡᠯᠪᠡᠷᠢ ᠶᠢᠨ ᠬᠥᠳᠡᠭᠡ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠨᠢᠭᠡᠳᠦᠯᠲᠡᠢ ᠲᠥᠯᠥᠪᠵᠢᠭᠦᠯᠦᠨ ᠳᠡᠮᠵᠢᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠂ ᠦᠢᠯᠡᠴᠢᠯᠡᠵᠦ ᠬᠥᠲᠥᠯᠥᠨ ᠵᠢᠯᠤᠭᠤᠳᠬᠤ᠂ ᠠᠰᠢᠭ ᠲᠤᠰᠠ ᠶᠢᠨ ᠬᠤᠯᠪᠤᠭ᠎ᠠ ᠵᠡᠷᠭᠡ ᠶᠢ ᠴᠢᠩᠭᠠᠳᠬᠠᠵᠤ᠂ ᠵᠢᠵᠢᠭ ᠲᠠᠷᠢᠶᠠᠴᠢᠨ ᠡᠷᠦᠭᠡ ᠪᠣᠯᠣᠨ ᠣᠲᠣ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠭᠦ ᠪᠥᠮᠪᠥᠷᠴᠡᠭ ᠤᠨ ᠥᠷᠢᠰᠦᠯᠳᠦᠬᠦ ᠬᠦᠴᠦᠨ ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠭᠡᠭᠡᠯᠲᠡᠲᠤ ᠣᠷᠴᠢᠨ ᠢ ᠪᠠᠶᠢᠭᠤᠯᠬᠤ ᠳᠤ᠂ ︽ᠭᠠᠷᠴᠤ ᠶᠠᠪᠤᠬᠤ︾ ᠪᠠ ︽ᠣᠷᠣᠭᠤᠯᠤᠨ ᠠᠪᠴᠢᠷᠠᠬᠤ︾ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠬᠠᠨᠢᠲᠠᠨ ᠤ ᠬᠠᠷᠢᠯᠴᠠᠭ᠎ᠠ ᠶᠢ ᠴᠢᠷᠮᠠᠶᠢᠨ ᠪᠠᠶᠢᠭᠤᠯᠵᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠤᠷᠢᠳᠴᠢᠯᠠᠨ ᠲᠥᠰᠥᠪᠯᠡᠬᠦ ᠪᠠ ᠭᠦᠨᠵᠡᠭᠡᠢ ᠣᠷᠤᠯᠴᠠᠬᠤ ᠶᠢ ᠪᠠᠷᠢᠮᠲᠠᠯᠠᠬᠤ ᠬᠡᠷᠡᠭᠲᠡᠢ᠃ ᠳᠡᠯᠡᠬᠡᠶᠢᠵᠢᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠤ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠪᠣᠳᠠᠲᠠᠢ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠬᠠᠷᠠᠭᠠᠯᠠᠨ᠂ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠦᠯᠡᠳᠡᠭᠡᠵᠦ ᠳᠡᠶᠢᠯᠭᠦ᠂ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠮᠤᠷ ᠲᠦᠪᠰᠢᠨ ᠤ ᠳᠦᠷᠢᠮ ᠪᠣᠯᠣᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠭᠦᠯᠵᠦ᠂ ᠨᠡᠭᠡᠭᠡᠯᠲᠡᠲᠤ ᠣᠷᠴᠢᠨ ᠨᠥᠬᠦᠴᠡᠯ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号