ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠦᠯᠵᠢᠶ᠎ᠡ ᠪᠠᠷ ᠱᠠᠯᠢᠭ ᠵᠠᠪᠬᠠᠶ ᠵᠦᠢᠯᠡᠰ ᠢ ᠳᠠᠮᠵᠢᠭᠤᠯᠤᠨ ᠲᠠᠷᠬᠠᠭᠠᠨ ᠠᠰᠢᠭ ᠤᠯᠤᠬᠰᠠᠨ ᠨᠢᠭᠡᠨ ᠣᠨᠴᠠ ᠶᠡᠭᠡ ᠭᠡᠷᠡᠭ  ᠢ ᠳᠠᠩᠨᠠᠨ ᠢᠯᠡᠷᠡᠬᠦᠯᠪᠡ
ᠨᠡᠶᠢᠲᠡᠯᠡᠭᠰᠡᠨ ᠴᠠᠭ᠄
2024/6/13
    ᠲᠦᠷᠦᠬᠦᠭᠡᠨ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠬᠢᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠬᠠᠮᠢᠶ᠎ᠠ ᠪᠥᠬᠦᠶ ᠮᠡᠷᠭᠡᠵᠢᠯ ᠤᠨ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠷ᠂ ᠭᠡᠷᠡᠭ ᠲᠤ ᠬᠤᠯᠪᠤᠬᠳᠠᠬᠰᠠᠨ ᠵᠤᠭᠤᠰ ᠨᠢ 15 ᠳ᠋ᠦᠡᠭᠰᠢᠭᠤᠷ ᠲᠦᠬᠦᠷᠢᠭ  ᠤᠨ ᠰᠦᠯᠵᠢᠶ᠎ᠡ ᠪᠠᠷ ᠱᠠᠯᠢᠭ ᠵᠠᠪᠬᠠᠶ ᠵᠦᠢᠯᠡᠰ  ᠢ ᠳᠠᠮᠵᠢᠭᠤᠯᠤᠨ ᠲᠠᠷᠬᠠᠭᠠᠨ ᠠᠰᠢᠭ ᠤᠯᠵᠦ ᠪᠠᠶᠢᠭ᠎ᠠ ᠨᠢᠭᠡᠨ ᠣᠨᠴᠠ ᠶᠡᠭᠡ ᠬᠡᠷᠡᠭ ᠢ ᠳᠠᠩᠨᠠᠨ ᠢᠯᠡᠷᠡᠬᠦᠯᠦᠭᠰᠡᠨ ᠪᠠᠶᠢᠨ᠎ᠠ᠃     ᠬᠤᠶᠠᠷ ᠤᠳᠠᠭ᠎ᠠ ᠶᠢᠨ ᠰᠦᠯᠵᠢᠶ᠎ᠡ ᠶᠢ ᠴᠡᠭᠴᠡᠯᠡᠨ ᠴᠡᠪᠡᠷᠰᠢᠬᠦᠯᠬᠦ ᠬᠠᠮᠲᠤᠷᠠᠭᠰᠠᠨ ᠳᠠᠶᠢᠯᠠᠯᠳᠤᠭᠠᠨ ᠢᠶᠠᠷ ᠳᠠᠮᠵᠢᠭᠤᠯᠤᠨ᠂ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ 142 ᠴᠠᠭᠳᠠᠭ᠎ᠠ ᠶᠢ ᠬᠦᠳᠡᠯᠭᠡᠨ 11 ᠮᠤᠵᠢ ᠬᠤᠳᠡ ᠶᠢᠨ 25 ᠬᠤᠲᠠ ᠪᠠᠷ ᠬᠦᠨᠵᠡᠭᠡᠶᠢᠷᠠᠵᠥ᠂ ᠱᠠᠯᠢᠭ ᠵᠠᠪᠬᠠᠶ ᠵᠦᠢᠯᠡᠰ ᠲᠤ ᠬᠤᠯᠪᠤᠬᠳᠠᠬᠰᠠᠨ ᠴᠦᠷᠭᠡᠯᠡᠭᠡ ᠶᠢ ᠳᠠᠮᠵᠢᠭᠤᠯᠤᠨ ᠬᠠᠤᠯᠢ ᠪᠤᠰᠦ ᠠᠰᠢᠬ ᠤᠯᠵᠥ ᠪᠠᠶᠢᠭ᠎ᠠ 4 ᠴᠡᠭ᠂ 2 ᠺᠣᠳ᠋ ᠰᠢᠷᠪᠢᠨ ᠵᠤᠭᠤᠰ ᠬᠤᠷᠢᠶᠠᠬᠤ ᠴᠡᠭ᠂ ᠪᠠᠯᠠ ᠮᠥᠩᠭᠦ ᠶᠢ ᠲᠡᠰᠦᠯᠦᠨ ᠪᠤᠳᠤᠵᠤ ᠠᠰᠢᠬ ᠬᠤᠪᠢᠶᠠᠬᠤ 3 ᠴᠡᠭ ᠵᠡᠷᠭᠡ ᠶᠢ ᠡᠪᠳᠡᠵᠦ᠂ 56 ᠭᠡᠷᠡᠭ ᠤᠨ ᠰᠡᠵᠢᠭᠳᠡᠨ ᠳᠤ ᠡᠷᠡᠬᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ᠂ ᠭᠡᠷᠡᠭ ᠲᠤ ᠬᠤᠯᠪᠤᠬᠳᠠᠬᠰᠠᠨ 310 ᠭᠠᠷ ᠤᠲᠠᠰᠤ᠂ 23 ᠺᠣᠮᠫᠢᠦ᠋ᠲ᠋ᠧᠷ᠂ 122 ᠪᠠᠩᠬᠢ ᠶᠢᠨ ᠺᠠᠷᠲ ᠢ ᠬᠤᠷᠢᠶᠠᠨ ᠠᠪᠴᠦ᠂ ᠭᠡᠷᠡᠭ ᠲᠤ ᠬᠤᠯᠪᠤᠬᠳᠠᠬᠰᠠᠨ 356 ᠲᠦᠮᠡᠨ ᠲᠥᠭᠦᠷᠢᠭ ᠤᠨ ᠪᠠᠯᠠ ᠮᠥᠩᠭᠦ ᠶᠢ ᠴᠡᠪᠳᠡᠭᠯᠡᠬᠦ ᠠᠷᠭ᠎ᠠ ᠭᠡᠮᠵᠢᠶ᠎ᠠ ᠠᠪᠴᠦ᠂ 2 ᠢᠵᠢ ᠬᠡᠷ ᠬᠥᠷᠥᠩᠭᠡ ᠶᠢ ᠪᠠᠶᠢᠴᠠᠭᠠᠨ ᠪᠢᠲᠡᠭᠦᠮᠵᠢᠯᠡᠪᠡ᠃     ᠣᠳᠣᠬᠠᠨ ᠳᠤ᠂ ᠳᠤᠰ ᠬᠡᠷᠡᠭ  ᠢ ᠤᠯᠠᠮ ᠨᠢᠭᠡ ᠠᠯᠬᠤᠮ ᠳᠡᠩᠨᠡᠨ ᠪᠠᠶᠢᠴᠠᠭᠠᠵᠦ ᠪᠤᠢ᠃ ︵ᠢᠤᠢ ᠲᠢᠶᠠᠨ ᠢᠤᠢ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号