ᠤᠯᠠᠭᠠᠨᠬᠤᠲᠠ ︽ᠬᠥᠳᠡᠭᠡ ᠲᠣᠰᠬᠤᠨ ᠤ ᠳᠥᠷᠪᠡᠨ ᠰᠠᠶᠢᠳᠠᠢ ᠵᠠᠮ︾ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/6/13
    ᠤᠢᠢᠷ᠎ᠠ ᠶᠢᠨ ᠵᠢᠯ ᠠᠴᠠ ᠨᠠᠰᠢ᠂ ᠤᠯᠠᠭᠠᠨᠬᠤᠲᠠ ᠶᠢᠨ ᠬᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠠᠵᠢᠯ ᠪᠣᠯᠭᠠᠨ ᠠᠳᠬᠤᠬᠤ ᠶᠢ ᠪᠠᠷᠢᠮᠲᠠᠯᠠᠵᠤ᠂ ︽ᠬᠥᠳᠡᠭᠡ ᠲᠣᠰᠬᠤᠨ ᠤ ᠲᠦᠷᠪᠡᠨ ᠰᠠᠶᠢᠳᠠᠢ ᠵᠠᠮ︾  ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠤᠯᠠᠨ ᠤ ᠶᠠᠪᠤᠵᠤ ᠰᠠᠭᠤᠬᠤ ᠳᠤ ᠲᠦᠬᠦᠮ ᠦᠵᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠰᠢᠨ᠎ᠡ ᠵᠠᠮ ᠢ ᠰᠦᠪᠡᠭᠴᠢᠯᠡᠨ ᠭᠠᠷᠭᠠᠵᠠᠢ᠃         ᠳᠥᠭᠦᠮ ᠳᠥᠲᠡ ᠵᠠᠮ ᠬᠠᠷᠢᠯᠴᠠᠭ᠎ᠠ ᠨᠢ ᠤᠨᠴᠠᠯᠢᠭᠳᠤ ᠲᠠᠷᠢᠶᠠᠯᠠᠩ ᠤᠨ ᠬᠥᠭᠵᠢᠯᠲᠡ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠲᠡᠭᠡᠭᠰᠢᠯᠡᠬᠦᠯᠵᠠᠢ᠃ ᠤᠯᠠᠭᠠᠨᠬᠤᠲᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ ᠤᠨ ᠰᠢᠶᠠᠩ ᠶᠠᠩ ᠲᠣᠰᠬᠤᠨ ᠳᠤ᠂ ᠵᠠᠩ ᠶᠢᠨ ᠺᠦᠢ ᠡᠷ᠎ᠡ ᠡᠮ᠎ᠡ ᠬᠤᠶᠠᠭᠤᠯᠠ ᠢᠳᠡᠰᠢᠨ ᠨᠣᠭᠤᠭ᠎ᠠ ᠪᠣᠯᠤᠨ ᠴᠢᠬᠢ ᠪᠠᠨ ᠶᠠᠭᠠᠷᠠᠯᠲᠠᠢ ᠲᠡᠭᠰᠢᠯᠡᠵᠦ᠂ ᠬᠤᠳᠠ ᠶᠢᠨ ᠰᠥᠨᠢ ᠶᠢᠨ ᠵᠠᠬ᠎ᠠ ᠳᠡᠯᠭᠡᠭᠦᠷ ᠲᠤ ᠣᠴᠢᠵᠤ ᠬᠤᠳᠠᠯᠳᠤᠬᠤ ᠪᠠᠷ ᠪᠡᠯᠡᠳᠬᠡᠵᠦ ᠪᠠᠶᠢᠯ᠎ᠠ᠃  ︽ᠡᠨᠡ ᠵᠠᠮ ᠢᠶᠠᠷ ᠶᠠᠪᠤᠪᠠᠯ ᠥᠷᠯᠥᠭᠡ ᠶᠢᠨ ᠵᠠᠬ᠎ᠠ ᠪᠠ ᠰᠥᠨᠢ ᠶᠢᠨ ᠵᠠᠬ᠎ᠠ ᠳᠡᠯᠭᠡᠭᠦᠷ ᠲᠤ ᠣᠴᠢᠵᠤ ᠨᠣᠭᠤᠭ᠎ᠠ ᠬᠤᠳᠠᠯᠳᠤᠬᠤ ᠳᠤ ᠨᠡᠩ ᠳᠥᠭᠦᠮ ᠪᠤᠯᠵᠠᠢ᠂  ᠬᠤᠷᠢᠭᠠᠳ ᠮᠢᠨᠦ᠋ᠲ ᠤᠨ ᠳᠣᠲᠣᠷ᠎ᠠ ᠬᠤᠲᠠ ᠳᠤ ᠬᠦᠷᠴᠢᠭᠡᠨ᠎ᠡ︾ ᠭᠡᠵᠦ ᠰᠢᠶᠠᠩ ᠶᠠᠩ ᠲᠣᠰᠬᠤᠨ ᠤ ᠠᠷᠠᠳ ᠵᠠᠩ ᠶᠢᠨ ᠺᠦᠢ ᠬᠡᠯᠡᠪᠡ᠃        ᠵᠠᠩ ᠶᠢᠨ ᠺᠦᠢ ᠶᠢᠨ ᠬᠡᠯᠡᠵᠤ ᠪᠠᠶᠢᠭ᠎ᠠ ᠵᠤᠭᠠᠴᠠᠯ ᠤᠨ ᠵᠠᠰᠠᠮᠠᠯ ᠵᠠᠮ ᠢ ᠨᠢᠳᠤᠨᠤᠨ ᠨᠢᠭᠡᠨᠲᠡ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠭᠦᠯᠵᠠᠢ᠃ ᠪᠦᠬᠦ ᠤᠷᠳᠤ ᠨᠢ 25 ᠺᠢᠯᠤᠮᠧᠲᠷ ᠪᠠᠶᠢᠵᠤ᠂ ᠤᠯᠠᠭᠠᠨᠬᠤᠲᠠ ᠶᠢᠨ ᠲᠤᠭᠤᠷ ᠤᠨ ᠭᠤᠤᠯ ᠤᠯᠤᠰ ᠤᠨ ᠨᠤᠭᠤ ᠭᠠᠵᠠᠷ ᠤᠨ ᠴᠡᠴᠡᠷᠯᠢᠭ ᠠᠴᠠ ᠡᠬᠢᠯᠡᠵᠦ᠂ ᠰᠡᠷᠭᠡᠨ ᠤᠳᠤ ᠦᠶ᠎ᠡ ᠶᠢᠨ ᠲᠠᠷᠢᠶᠠᠯᠠᠩ ᠤᠨ ᠲᠣᠭᠤᠷᠢᠭ ᠲᠤ  ᠬᠦᠷᠳᠡᠭ᠃ ᠵᠤᠭᠠᠴᠠᠯ ᠤᠨ ᠵᠠᠰᠠᠮᠠᠯ ᠵᠠᠮ ᠤᠨ ᠪᠠᠶᠢᠭᠤᠯᠤᠭᠳᠠᠵᠤ ᠲᠡᠷᠭᠡ ᠨᠡᠪᠲᠡᠷᠡᠭᠰᠡᠨ ᠨᠢ ᠤᠯᠠᠭᠠᠨᠬᠤᠲᠠ ᠶᠢᠨ ᠴᠢᠬᠤᠯᠠ  ᠦᠵᠡᠮᠵᠢ ᠶᠢᠨ ᠣᠷᠣᠨ ᠤ ᠦᠵᠡᠮᠵᠢ ᠶᠢᠨ ᠴᠡᠭ ᠢ ᠬᠤᠯᠪᠣᠵᠤ᠂ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃       ᠤᠯᠠᠭᠠᠨᠬᠤᠲᠠ ᠠᠴᠠ ᠰᠡᠷᠬᠡᠨ ᠬᠥᠷᠬᠦ ᠲᠣᠭᠤᠷᠢᠭ ᠤᠨ ᠵᠢᠭᠤᠯᠴᠢᠯᠠᠯ ᠤᠨ ᠵᠠᠰᠠᠮᠠᠯ ᠵᠠᠮ ᠪᠣᠯ ᠣᠶᠢᠷ᠎ᠠ ᠶᠢᠨ ᠵᠢᠯ ᠤᠳ ᠲᠤ ᠤᠯᠠᠭᠠᠨᠬᠤᠲᠠ ᠶᠢᠨ ︽ ᠬᠥᠳᠡᠭᠡ ᠲᠣᠰᠬᠤᠨ ᠤ ᠳᠥᠷᠪᠡᠨ ᠰᠠᠶᠢᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠤᠭᠰᠠᠨ ᠤ ᠨᠢᠭᠡᠨ ᠬᠤᠷᠢᠶᠠᠩᠭᠤᠶ ᠳᠦᠷᠰᠦ ᠪᠣᠯᠤᠨ᠎ᠠ᠃ ᠤᠯᠠᠭᠠᠨᠬᠤᠲᠠ ᠶᠢᠨ ᠣᠲᠣ ᠪᠠᠶᠢᠭ᠎ᠠ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠬᠦ ᠣᠷᠳᠣ ᠨᠢ 1029.067 ᠺᠢᠯᠣᠮᠧᠲᠷ ᠪᠠᠶᠢᠵᠤ᠂ ᠡᠭᠦᠨ ᠳᠤ ᠰᠢᠶᠠᠨ ᠤ ᠵᠠᠮ 151.642 ᠺᠢᠯᠣᠮᠧᠲᠷ᠂ ᠰᠢᠶᠠᠩ ᠤᠨ ᠵᠠᠮ 129.323 ᠺᠢᠯᠣᠮᠧᠲᠷ᠂ ᠲᠣᠰᠬᠤᠨ ᠤ ᠵᠠᠮ 745.202 ᠺᠢᠯᠣᠮᠧᠲᠷ᠂ ᠲᠤᠰᠬᠠᠶ ᠬᠡᠷᠡᠭᠯᠡᠭᠡᠨ ᠤ ᠵᠠᠰᠠᠮᠠᠯ ᠵᠠᠮ 2.9 ᠺᠢᠯᠣᠮᠧᠲᠷ ᠪᠠᠶᠢᠨ᠎ᠠ᠃  
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号