ᠤᠯᠠᠭᠠᠨᠬᠤᠲᠠ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠬᠤᠷᠳᠤᠴᠠ ᠶᠢ ᠨᠠᠷᠢᠯᠢᠭ ᠣᠨᠣᠴᠠᠲᠠᠶ ᠪᠠᠷ ᠲᠦᠷᠭᠡᠳᠬᠡᠵᠦ ᠠᠷᠠᠳ ᠤᠯᠠᠨ ᠤ ᠵᠢᠷᠭᠠᠯᠳᠤ ᠲᠦᠷᠦᠭᠳᠡᠯ ᠢ ᠨᠡᠮᠡᠭᠳᠡᠬᠦᠯᠤᠨ᠎ᠠ
ᠨᠡᠶᠢᠲᠡᠯᠡᠭᠰᠡᠨ ᠴᠠᠭ᠄
2024/6/13
    ᠡᠨᠡ ᠵᠢᠯ ᠠᠴᠠ ᠨᠠᠰᠢ᠂ ᠤᠯᠠᠭᠠᠨᠬᠤᠲᠠ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠲᠥᠷᠥᠯ ᠵᠦᠢᠯ ᠤᠨ  ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠳᠤᠯᠠᠭᠠᠯᠭ᠎ᠠ ᠶᠢᠨ ᠬᠦᠷᠢᠶᠡᠨ ᠳᠤ ᠨᠡᠶᠢᠳᠡᠮ ᠣᠷᠣᠰᠢᠵᠤ ᠪᠠᠶᠢᠭ᠎ᠠ ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ᠂ ᠠᠷᠠᠳ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠦᠨ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠬᠤᠷᠳᠤᠴᠠ ᠶᠢ ᠨᠠᠷᠢᠯᠢᠭ ᠣᠨᠣᠴᠠᠲᠠᠶ ᠪᠠᠷ ᠲᠦᠷᠭᠡᠳᠬᠡᠵᠦ᠂ ᠠᠷᠠᠳ ᠤᠯᠠᠨ  ᠤ ᠵᠢᠷᠭᠠᠯᠳᠤ ᠲᠦᠷᠦᠭᠳᠡᠯ ᠢ ᠨᠡᠮᠡᠭᠳᠡᠬᠦᠯᠵᠤ ᠪᠤᠢ᠃        ᠱᠦᠢᠨᠢ ᠵᠢᠭᠤᠷᠠᠬᠤ ᠮᠠᠰᠢᠨ ᠤ ᠬᠦᠩᠭᠢᠨᠡᠮ᠎ᠡ ᠳᠠᠭᠤᠨ ᠤ ᠳᠤᠮᠳᠠ᠂ ᠤᠯᠠᠭᠠᠨᠬᠤᠲᠠ ᠶᠢᠨ ᠱᠧᠩ ᠶᠤᠸᠠᠨ ᠪᠠᠭ᠎ᠠ ᠲᠣᠭᠤᠷᠢᠭ ᠤᠨ ᠲᠡᠷᠭᠡᠨ ᠵᠤᠭᠰᠤᠭᠠᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠶᠠᠭ ᠬᠦᠷ ᠬᠥᠭᠵᠢᠶᠡᠨ ᠲᠠᠢ ᠶᠠᠪᠤᠭᠳᠠᠵᠤ᠂ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠢᠯᠴᠢ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠦᠳᠦᠭᠡᠨ ᠪᠠᠶᠢᠭᠤᠯᠤᠯᠲᠠ ᠨᠢ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠵᠡᠢ᠃       ︽ᠱᠧᠩ ᠶᠤᠸᠠᠨ ᠰᠠᠭᠤᠭᠠᠯᠢ ᠠᠷᠠᠳ ᠤᠨ ᠲᠣᠭᠤᠷᠢᠭ ᠨᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠪᠣᠯᠤᠭᠰᠠᠨ ᠤ ᠬᠤᠪᠢ ᠳᠤ᠂ ᠳᠤᠯᠠᠭᠠᠯᠭ᠎ᠠ ᠶᠢᠨ ᠠᠰᠠᠭᠤᠳᠠᠯ ᠪᠠ ᠪᠤᠬᠢᠷ ᠤᠰᠤᠨ ᠤ ᠠᠰᠠᠭᠤᠳᠠᠯ ᠨᠢ ᠶᠡᠷᠦ ᠠᠴᠠ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠲᠡᠷᠢᠭᠦᠨ ᠴᠢᠬᠤᠯᠠ ᠶᠠᠪᠤᠳᠠᠯ ᠪᠣᠯᠤᠭᠰᠠᠭᠠᠷ ᠢᠷᠡᠵᠡᠶ᠃ ᠡᠨᠡ ᠵᠢᠯ᠂ ︿ᠬᠠᠶᠢᠷ᠎ᠠ ᠬᠠᠯᠠᠮᠵᠢ ᠶᠢᠨ ᠢᠨᠵᠧᠨᠧᠷᠢᠩ﹀ ᠤᠨ ᠲᠥᠷᠥᠯ ᠵᠦᠢᠯ ᠢ ᠬᠡᠷᠡᠭᠵᠢᠭᠦᠯᠦᠭᠰᠡᠨ ᠨᠢ ᠡᠲᠡᠭᠡᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠴᠢᠳᠠᠭᠰᠠᠨ ᠢᠶᠠᠷ ᠪᠠᠷᠠᠬᠤ ᠥᠬᠡᠶ ᠪᠠᠰᠠ ᠮᠠᠨ ᠤ ᠰᠠᠭᠤᠭᠠᠯᠢ ᠠᠷᠠᠳ ᠤᠨ ᠲᠣᠭᠤᠷᠢᠭ ᠲᠤ ᠮᠠᠰᠢ ᠣᠯᠠᠨ ᠲᠡᠷᠭᠡᠨ ᠵᠤᠭᠰᠤᠭᠠᠯ ᠨᠡᠮᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠬᠦᠴᠢᠷᠳᠡᠯ ᠢ ᠰᠢᠢᠳᠪᠦᠷᠢᠯᠡᠵᠠᠢ᠂ ᠰᠠᠭᠤᠭᠠᠯᠢ ᠠᠷᠠᠳ ᠴᠥᠮ ᠡᠨᠡ ᠬᠦ ᠠᠵᠢᠯ ᠢ ᠣᠨᠴᠠᠭᠠᠶᠢᠯᠠᠨ ᠳᠡᠮᠵᠢᠵᠦ ᠪᠠᠶᠢᠨ᠎ᠠ︾ ᠭᠡᠵᠦ ᠠᠶᠢᠭᠦ᠋ᠸᠧ ᠵᠡᠭᠡᠯᠢ ᠶᠢᠨ ᠴᠦᠨ ᠶᠠᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ ᠹᠦ᠋ ᠶᠤᠸᠠᠨ ᠬᠡᠯᠡᠪᠡ᠃     ᠤᠯᠠᠭᠠᠨᠬᠤᠲᠠ ᠶᠢᠨ ᠬᠤᠩᠴᠧᠩ ᠷᠧᠨ ᠵᠢᠶᠠ ᠲᠣᠭᠤᠷᠢᠭ ᠤᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠬᠠᠷᠢᠶ᠎ᠠ ᠲᠣᠭᠤᠷᠢᠭ ᠤᠨ ᠢᠶᠠᠨ ᠢᠯᠴᠢ ᠬᠠᠩᠭᠠᠬᠤ ᠬᠤᠭᠤᠯᠠᠢ ᠶᠢ ᠳᠡᠪᠢᠰᠦᠨ ᠤᠭᠰᠠᠷᠠᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ ᠢᠯᠡᠷᠡᠵᠡᠢ᠃       ︽ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠡᠯ᠎ᠡ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠨᠠᠩ ᠰᠠᠶᠢᠨ ᠨᠠᠩ ᠲᠦᠷᠭᠡᠨ ᠢᠶᠠᠷ ᠠᠬᠢᠭᠤᠯᠬᠤ ᠶᠢᠨ ᠲᠥᠯᠥᠭᠡ᠂ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠲᠥᠪ ᠤᠨ ᠬᠢᠨ ︿ᠬᠥᠮᠦᠨ ᠢᠶᠠᠷ ᠦᠨᠳᠦᠰᠦ ᠪᠣᠯᠭᠠᠬᠤ﹀ ᠭᠤᠤᠯ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ ᠲᠠᠰᠤᠷᠠᠯᠲᠠ ᠥᠬᠡᠶ ᠴᠢᠩᠭᠠᠳᠬᠠᠵᠤ᠂ ᠲᠥᠷᠥᠯ ᠵᠦᠢᠯ ᠤᠨ ᠬᠡᠪ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃   ᠡᠨᠡ ᠵᠢᠯ ᠤᠨ ᠡᠬᠢᠨ ᠠᠴᠠ ᠨᠠᠰᠢ᠂ ᠤᠯᠠᠭᠠᠨᠬᠤᠲᠠ ᠶᠢᠨ ᠬᠢᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠠᠷᠠᠳ ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ᠂ ᠬᠤᠶᠠᠳᠠᠬᠢ ᠤᠳᠠᠭᠠᠨ ᠤ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠢ 76 ᠺᠢᠯᠣᠮᠧᠲᠷ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠠᠢ᠃ ᠤᠳᠤᠬᠠᠨ ᠳᠤ 118 ᠪᠠᠭ᠎ᠠ ᠲᠣᠭᠤᠷᠢᠭ ᠲᠤ ᠬᠤᠯᠪᠣᠭᠳᠠᠬᠤ᠂ 96 ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠨ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠬᠠᠭᠤᠴᠢᠨ ᠪᠠᠭ᠎ᠠ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠠ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠢ ᠥᠭᠡᠷᠡᠴᠢᠯᠡᠨ ᠰᠠᠶᠢᠵᠢᠷᠠᠭᠤᠯᠬᠤ ᠶᠢ ᠤᠶᠠᠯᠳᠤᠭᠤᠯᠤᠨ ᠪᠥᠬᠦ ᠬᠦᠴᠦᠨ ᠢᠶᠠᠷ ᠠᠬᠢᠭᠤᠯᠵᠤ᠂ ᠠᠷᠠᠳ ᠣᠯᠠᠨ ᠤ ᠰᠡᠳᠬᠢᠯ ᠢ ᠳᠤᠯᠠᠭᠠᠴᠠᠭᠤᠯᠬᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠯᠠᠪᠳᠠᠭᠤᠨ ᠪᠠᠲᠤᠲᠠᠶ ᠶᠠᠪᠤᠭᠳᠠᠭᠤᠯᠵᠤ ᠪᠠᠶᠢᠨ᠎ᠠ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号