ᠣᠶᠤᠨ ᠰᠠᠨᠠᠭᠠᠨ ᠤ ᠡᠷᠡᠭᠦᠯ ᠮᠡᠨᠳᠦ ᠶᠢ ᠤᠮᠳᠤᠭᠠᠶᠢᠯᠠᠵᠤ ᠦᠯᠦ ᠪᠤᠯᠤᠨ᠎ᠠ
ᠨᠡᠶᠢᠲᠡᠯᠡᠭᠰᠡᠨ ᠴᠠᠭ᠄
2024/6/13
    ᠰᠢᠨᠬᠤᠸᠠ ᠬᠤᠷᠢᠶᠠᠨ ᠤ ᠮᠡᠳᠡᠭᠡᠯᠡᠯ ᠢ ᠦᠨᠳᠦᠰᠦᠯᠡᠪᠡᠯ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠣᠶᠢᠷ᠎ᠠ ᠳᠤ ︽ᠭᠠᠩᠰᠠᠷᠠᠬᠤ ᠭᠡᠮ ᠢ ᠰᠡᠷᠭᠡᠶᠢᠯᠡᠨ ᠵᠠᠰᠠᠬᠤ ᠣᠨᠴᠠᠯᠢᠭᠲᠤ ᠦᠢᠯᠡᠴᠢᠯᠡᠭᠡᠨ ᠤ ᠠᠵᠢᠯ ᠤᠨ ᠲᠥᠰᠦᠯ︾  ᠢ ᠨᠡᠶᠢᠲᠡᠯᠡᠵᠦ᠂ ᠭᠠᠩᠰᠠᠷᠠᠬᠤ ᠭᠡᠮ ᠢ ᠰᠡᠷᠭᠡᠶᠢᠯᠡᠨ ᠵᠠᠰᠠᠬᠤ ᠠᠵᠢᠯ ᠤᠨ ᠬᠦᠴᠦᠯᠡᠴᠡ ᠪᠠᠨ ᠴᠢᠩᠭᠠᠳᠬᠠᠵᠤ᠂ ᠡᠪᠡᠳᠴᠢᠯᠡᠬᠦ ᠨᠣᠷᠮ᠎ᠠ ᠶᠢᠨ ᠳᠡᠭᠡᠭᠰᠢᠯᠡᠬᠦ ᠬᠠᠨᠳᠤᠰᠢ ᠶᠢ ᠬᠤᠷᠢᠬᠯᠠᠨ᠎ᠠ ᠬᠡᠪᠡ᠃     ᠣᠯᠠᠩᠬᠢ ᠬᠥᠮᠦᠰ ᠭᠠᠩᠰᠠᠷᠠᠬᠤ ᠭᠡᠮ ᠢ ᠵᠥᠪᠬᠡᠨ ᠤᠷᠮ᠎ᠠ ᠰᠡᠳᠭᠢᠯᠭᠡ ᠮᠠᠭᠤ ᠠᠴᠠ ᠪᠤᠯᠵᠠᠢ ᠬᠡᠵᠦ ᠦᠵᠡᠳᠡᠭ ᠃ ᠦᠨᠡᠨ ᠳᠡᠭᠡᠨ ᠭᠠᠩᠰᠠᠷᠠᠬᠤ ᠭᠡᠮ ᠪᠣᠯ ᠨᠢᠭᠡ ᠵᠦᠢᠯ ᠤᠨ ᠡᠪᠡᠳᠴᠢᠨ ᠮᠥᠨ᠃ ᠤᠷᠲᠤ ᠬᠤᠭᠤᠴᠠᠭᠠᠨ ᠤ ᠢᠯᠡᠷᠭᠡᠢ ᠤᠷᠮ᠎ᠠ ᠮᠠᠭᠤ ᠪᠠᠶᠢᠳᠠᠯ ᠨᠢ ᠡᠪᠡᠳᠴᠢᠨ ᠤ ᠭᠤᠤᠯ ᠢᠯᠡᠷᠡᠯ ᠪᠤᠯᠵᠤ᠂ ᠬᠡᠷᠪᠡ ᠴᠠᠭ ᠲᠤᠬᠠᠢ ᠳᠤᠨᠢ ᠠᠩᠬᠠᠷᠬᠤ ᠦᠭᠡᠢ ᠪᠣᠯ ᠡᠪᠡᠳᠴᠢᠨ ᠤ ᠪᠠᠶᠢᠳᠠᠯ ᠦᠷᠭᠦᠯᠵᠢᠯᠡᠨ ᠬᠦᠨᠳᠦᠷᠡᠵᠦ ᠮᠡᠳᠡᠨ᠎ᠡ᠂ ᠬᠦᠨᠳᠦ ᠨᠣᠴᠢᠲᠠᠢ ᠦᠶ᠎ᠡ ᠳᠤ ᠡᠪᠡᠳᠴᠢᠲᠡᠨ ᠭᠤᠨᠢᠵᠤ ᠭᠤᠳᠤᠷᠠᠨ ᠨᠡᠶᠢᠭᠡᠮ ᠠᠮᠢᠳᠤᠷᠠᠯ ᠢ ᠵᠢᠭᠰᠢᠭᠦ ᠰᠡᠳᠭᠢᠯᠭᠡ ᠲᠦᠷᠦᠭᠳᠡᠵᠦ ᠴᠢᠨᠠᠭᠰᠢᠯᠠᠪᠠᠯ ᠪᠡᠶ᠎ᠡ ᠪᠠᠨ ᠬᠤᠣᠷᠯᠠᠬᠤ ᠪᠤᠶᠤ ᠪᠤᠰᠤᠳ ᠢ ᠬᠤᠤᠷᠯᠠᠬᠤ ᠦᠵᠡᠭᠳᠡᠯ ᠡᠭᠦᠰᠴᠦ ᠮᠡᠳᠡᠨ᠎ᠡ᠃ ᠪᠦᠷᠢᠳᠭᠡᠯ ᠢ ᠦᠨᠳᠦᠰᠦᠯᠡᠪᠡᠯ᠂ ᠭᠠᠩᠰᠠᠷᠠᠬᠤ ᠭᠡᠮ ᠨᠢ ᠥᠮᠡᠨ ᠡᠪᠡᠳᠴᠢᠨ ᠤ ᠯᠡ ᠳᠠᠷᠠᠭ᠎ᠠ ᠤᠷᠤᠵᠤ ᠪᠠᠶᠢᠭ᠎ᠠ ᠬᠦᠮᠤᠨ ᠲᠥᠷᠥᠯᠬᠢᠲᠡᠨ ᠤ ᠬᠤᠶᠠᠳᠤᠭᠠᠷ ᠶᠡᠭᠡ ᠡᠪᠡᠳᠴᠢᠨ ᠪᠣᠯᠵᠤ᠂ ᠪᠦᠬᠦ ᠳᠡᠯᠡᠬᠡᠶ ᠶᠢᠨ ᠪᠠᠷᠤᠭ 3.5 ᠳ᠋ᠦᠩᠰᠢᠭᠤᠷ ᠬᠥᠮᠦᠨ ᠲᠤᠰ ᠡᠪᠡᠳᠴᠢᠨ ᠳᠤ ᠨᠡᠷᠪᠡᠭᠳᠡᠵᠦ᠂ ᠮᠠᠨ ᠤ ᠤᠯᠤᠰ ᠲᠤ 9500 ᠲᠦᠮᠡ ᠭᠠᠷᠤᠶ ᠬᠦᠮᠤᠨ ᠭᠠᠩᠰᠠᠷᠠᠬᠤ ᠭᠡᠮ ᠳᠤ ᠨᠡᠷᠪᠡᠭᠳᠡᠵᠡᠶ᠃ ᠭᠠᠩᠰᠠᠷᠠᠬᠤ ᠭᠡᠮ ᠨᠢ ᠨᠢᠭᠡᠨ᠋ᠡ ᠪᠡᠶ᠎ᠡ ᠪᠠᠨ ᠬᠤᠣᠷᠯᠠᠬᠤ ᠶᠢᠨ ᠭᠤᠣᠯ ᠰᠢᠯᠳᠠᠭᠠᠨ ᠤ ᠨᠢᠭᠡ ᠪᠣᠯᠵᠠᠢ᠃     ᠦᠨᠡᠨ ᠳᠡᠭᠡᠨ ᠭᠠᠩᠰᠠᠷᠠᠬᠤ ᠭᠡᠮ ᠨᠢ ᠨᠢᠭᠡᠨᠲᠡ ᠬᠠᠮᠢᠶ᠎ᠠ ᠪᠦᠬᠦᠢ ᠬᠥᠮᠦᠰ ᠲᠤ ᠬᠦᠨᠳᠦ ᠨᠣᠴᠢᠲᠠᠶ ᠬᠦᠴᠢᠷᠳᠡᠯ ᠪᠠ ᠬᠤᠤᠷ ᠬᠥᠨᠥᠭᠡᠯ ᠤᠴᠠᠷᠠᠭᠤᠯᠤᠭᠰᠠᠨ ᠪᠣᠯᠪᠠᠴᠤ ᠴᠥᠭᠡᠨ ᠪᠤᠰᠤ ᠬᠥᠮᠦᠰ ᠤᠴᠢᠷ ᠪᠤᠯᠭᠠᠳᠠᠭ ᠦᠭᠡᠢ᠃ ᠣᠷᠳᠣ ᠬᠤᠭᠤᠴᠠᠭᠠᠨ ᠤ ᠲᠤᠷᠰᠢ ᠭᠠᠩᠰᠠᠷᠠᠬᠤ ᠭᠡᠮ ᠢ ᠵᠥᠪ ᠢᠶᠠᠷ ᠲᠠᠨᠢᠵᠤ ᠮᠡᠳᠡᠷᠡᠭᠰᠡᠨ ᠦᠭᠡᠢ ᠠᠴᠠ ᠪᠤᠯᠵᠤ᠂ ᠭᠠᠩᠰᠠᠷᠠᠬᠤ ᠭᠡᠮ ᠵᠢᠴᠢ ᠵᠠᠪᠰᠠᠷ ᠤᠨ ᠬᠥᠮᠦᠰ ᠭᠠᠳᠠᠭᠠᠳᠤ ᠶᠢᠨ ᠳᠠᠷᠤᠯᠲᠠ ᠠᠴᠠ ᠪᠣᠯᠵᠣ ᠥᠪᠡᠷ ᠢ ᠪᠠᠨ ᠨᠡᠩ ᠪᠢᠲᠡᠭᠦᠮᠵᠢᠯᠡᠬᠦ ᠪᠠᠶᠢᠳᠠᠯ ᠳᠤ ᠤᠷᠤᠳᠠᠬ᠃ ᠡᠨᠡ ᠬᠦ ᠡᠪᠡᠳᠴᠢᠨ ᠤ ᠪᠤᠢ ᠪᠤᠯᠤᠬᠰᠠᠨ ᠰᠢᠯᠲᠠᠭᠠᠨ ᠨᠢ᠂ ᠬᠥᠮᠦᠰ ᠤᠨ ᠬᠠᠷᠢᠯᠴᠠᠭ᠎ᠠ᠂ ᠰᠤᠷᠤᠯᠴᠠᠯᠭ᠎ᠠ᠂ ᠠᠵᠢᠯ ᠤᠨ ᠳᠠᠷᠤᠭᠠᠰᠤ᠂ ᠭᠡᠷ ᠪᠦᠯᠢ ᠶᠢᠨ ᠦᠰᠦᠨ ᠪᠤᠶᠢᠵᠢᠭ᠍ᠰᠡᠨ ᠤᠷᠴᠢᠨ ᠲᠤᠭᠤᠷᠢᠨ ᠵᠡᠷᠭᠡ ᠡᠴᠠ‌‍ᠪᠤᠯᠵᠤ᠂ ᠡᠭᠦᠨ ᠢ ᠪᠠᠰᠠ ᠨᠡᠩ ᠭᠦᠨᠵᠡᠭᠡᠶ ᠰᠤᠳᠤᠯᠬᠤ ᠴᠢᠬᠤᠯᠠ ᠲᠠᠢ ᠪᠠᠶᠢᠨ᠎ᠠ᠃     ᠭᠠᠩᠰᠠᠷᠠᠬᠤ ᠭᠡᠮ ᠪᠣᠯ ᠨᠢᠭᠡ ᠵᠦᠢᠯ ᠤᠨ ᠡᠷᠲᠡᠬᠡᠨ ᠢᠯᠡᠷᠡᠭᠦᠯᠵᠦ ᠡᠷᠳᠡᠭᠡᠨ ᠡᠮᠨᠡᠭᠦᠯᠭᠦ ᠴᠢᠬᠤᠯᠠᠲᠠᠶ ᠡᠪᠡᠳᠴᠢᠨ ᠮᠥᠨ᠂ ᠬᠠᠷᠢᠨ ᠤᠷᠮ᠎ᠠ ᠵᠣᠷᠢᠭ ᠮᠠᠭᠤ ᠠᠴᠠ ᠪᠤᠯᠤᠬᠰᠡᠨ ᠲᠠᠶᠢᠮᠤ ᠯᠡ ᠲᠦᠭᠦᠮᠭᠡᠨ ᠶᠠᠪᠤᠳᠠᠯ ᠪᠢᠰᠢ︔ ᠣᠶᠤᠨ ᠰᠠᠨᠠᠭᠠᠨ ᠤ ᠡᠷᠡᠭᠦᠯ ᠮᠡᠨᠳᠦ ᠶᠢᠨ ᠠᠰᠠᠭᠤᠳᠠᠯ ᠢ ᠠᠩᠬᠠᠷᠬᠤ ᠶᠢ ᠡᠷᠬᠡᠪᠰᠢ ᠡᠳᠦᠷ ᠲᠤᠲᠤᠮ ᠤᠨ ᠵᠥᠪᠯᠡᠬᠦ ᠵᠦᠢᠯ ᠳᠤ ᠣᠷᠣᠭᠤᠯᠬᠤ ᠬᠡᠷᠡᠭᠲᠡᠶ᠃     ᠡᠭᠦᠨ ᠤ ᠬᠠᠮᠲᠤ᠂ ᠰᠢᠨᠵᠢᠯᠡᠬᠦ ᠤᠬᠠᠭᠠᠨᠴᠢ ᠠᠷᠭ᠎ᠠ᠂ ᠨᠢᠳᠦᠨ ᠳᠤ ᠦᠵᠡᠭᠳᠡᠬᠦ ᠬᠦᠴᠦᠨ ᠢ ᠬᠡᠷᠡᠭᠯᠡᠵᠦ᠂ ᠭᠠᠩᠰᠠᠷᠠᠬᠤ ᠭᠡᠮ ᠳᠤ ᠨᠡᠷᠪᠡᠭᠳᠡᠭᠰᠡᠳ ᠪᠠ ᠨᠢᠭᠤᠭᠳᠠᠮᠠᠯ ᠪᠠᠶᠢᠭ᠎ᠠ ᠭᠠᠩᠰᠠᠷᠠᠬᠤ ᠭᠡᠮ ᠲᠠᠢ ᠬᠦᠮᠦᠰ ᠢ ᠢᠯᠡᠷᠡᠭᠦᠯᠦᠨ ᠵᠠᠰᠠᠬᠤ ᠪᠤᠯ ᠣᠳᠣᠬᠠᠨ ᠤ ᠬᠠᠮᠤᠭ ᠤᠨ ᠰᠢᠭᠤᠳ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠮᠥᠨ᠃ ᠬᠡᠷᠬᠢᠨ ᠪᠡᠶ᠎ᠡ ᠶᠢᠨ ᠪᠠᠶᠢᠴᠠᠭᠠᠯᠲᠠ ᠵᠡᠷᠭᠡ ᠠᠷᠭ᠎ᠠ ᠪᠠᠷ ᠲᠠᠮᠵᠢᠨ ᠢᠯᠭᠠᠨ ᠲᠠᠨᠢᠵᠤ᠂  ᠰᠡᠷᠭᠡᠶᠢᠯᠡᠨ ᠵᠠᠰᠠᠬᠤ ᠳᠤ ᠪᠣᠳᠠᠲᠠᠶ ᠦᠢᠯᠡᠳᠦᠯ ᠦᠵᠡᠭᠦᠯᠵᠦ᠂ ᠵᠠᠯᠠᠭᠤᠴᠤᠳ ᠪᠠᠭᠠᠴᠤᠳ ᠤᠨ ᠣᠶᠤᠨ ᠰᠠᠨᠠᠭᠠᠨ ᠤ ᠡᠷᠡᠭᠦᠯ ᠮᠡᠨᠳᠦ ᠳᠤ ᠬᠤᠯᠪᠤᠬᠳᠠᠬᠰᠡᠨ ᠬᠤᠪᠢ ᠶᠢᠨ ᠨᠢᠭᠤᠴᠠ ᠶᠢ ᠬᠡᠷᠬᠢᠨ ᠬᠠᠮᠠᠭᠠᠯᠠᠬᠤ ᠵᠢᠴᠢ ᠬᠡᠷᠬᠢᠨ ᠨᠠᠩ ᠣᠯᠠᠨ ᠠᠷᠭ᠎ᠠ ᠪᠠᠷ ᠬᠠᠮᠢᠶ᠎ᠠ ᠪᠥᠬᠦᠶ ᠬᠥᠮᠦᠰ ᠢ ᠬᠠᠪᠰᠤᠷᠬᠤ ᠪᠣᠯ ᠬᠤᠶᠢᠰᠢᠲᠠ ᠶᠢᠨ ᠲᠤᠯᠭᠠᠮ᠎ᠠ ᠰᠢᠢᠳᠪᠦᠷᠢᠯᠡᠭᠦᠰᠢᠳᠡᠢ ᠠᠰᠠᠭᠤᠳᠠᠯ ᠪᠣᠯᠤᠨ᠎ᠠ᠃      ᠲᠥᠷᠥ ᠶᠢᠨ ᠪᠣᠳᠣᠯᠭ᠎ᠠ ᠪᠠ ᠰᠡᠷᠭᠡᠶᠢᠯᠡᠨ ᠵᠠᠰᠠᠬᠤ ᠲᠠᠯ᠎ᠠ ᠪᠠᠷ᠂ ᠬᠠᠮᠢᠶ᠎ᠠ ᠪᠥᠬᠦᠶ ᠲᠠᠯ᠎ᠠ ᠶᠢᠨ ᠬᠢᠨ ᠪᠣᠯᠤᠨ ᠡᠮᠴᠢᠯᠡᠭᠡᠨ ᠤ ᠪᠠᠶᠢᠭᠤᠯᠤᠮᠵᠢ ᠨᠠᠩ ᠬᠠᠨᠳᠤᠯᠭᠠᠲᠤ ᠴᠢᠨᠠᠷ ᠲᠠᠢ᠂ ᠨᠠᠩ ᠪᠦᠲᠦᠮᠵᠢᠲᠡᠶ ᠲᠥᠰᠦᠯ ᠢ ᠬᠠᠮᠲᠤ ᠪᠠᠷ ᠰᠤᠳᠤᠯᠤᠨ ᠲᠣᠭᠲᠠᠭᠠᠵᠤ ᠬᠡᠷᠡᠭᠵᠢᠭᠦᠯᠭᠦ ᠶᠢ ᠬᠦᠰᠡᠵᠦ ᠪᠠᠶᠢᠨ᠎ᠠ᠂ ᠲᠤᠬᠠᠶᠢᠯᠠᠪᠠᠯ ᠰᠤᠷᠤᠭᠴᠢᠳ ᠤᠨ ᠪᠡᠶ᠎ᠡ ᠶᠢᠨ ᠪᠠᠶᠢᠴᠠᠭᠠᠯᠲᠠ ᠪᠠᠷ ᠲᠠᠮᠵᠢᠨ ᠰᠢᠭᠰᠢᠨ ᠪᠠᠶᠢᠴᠠᠭᠠᠬᠤ ᠦᠶ᠎ᠡ ᠶᠢᠨ ᠬᠤᠪᠢ ᠶᠢᠨ ᠨᠢᠭᠤᠴᠠ ᠶᠢ ᠬᠠᠮᠠᠭᠠᠯᠠᠬᠤ᠂ ᠰᠡᠷᠭᠡᠶᠢᠯᠡᠨ ᠵᠠᠰᠠᠬᠤ ᠲᠥᠰᠦᠯ ᠤᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠬᠦ ᠵᠡᠷᠭᠡ︔ ᠡᠭᠦᠨ ᠤ ᠬᠠᠮᠲᠤ᠂ ᠪᠠᠰᠠ ᠬᠥᠭᠵᠢᠭᠰᠡᠨ ᠤᠯᠤᠰ ᠤᠨ ᠭᠠᠩᠰᠠᠷᠠᠬᠤ ᠭᠡᠮ ᠢ ᠠᠷᠭᠠᠴᠠᠭᠠᠬᠤ ᠲᠤᠷᠰᠢᠯᠭ᠎ᠠ ᠪᠠᠷ ᠯᠠᠪᠯᠠᠯᠲᠠ ᠪᠣᠯᠭᠠᠵᠤ ᠪᠣᠯᠤᠨ᠎ᠠ᠂ ᠵᠢᠱᠢᠶᠡᠯᠡᠪᠡᠯ᠂ ᠧᠦ᠋ᠷᠣᠫᠠ ᠠᠮᠧᠷᠢᠺᠠ ᠶᠢᠨ ᠵᠠᠷᠢᠮ ᠤᠯᠤᠰ ᠤᠨ ᠬᠢᠨ ᠭᠠᠩᠰᠠᠷᠠᠬᠤ ᠭᠡᠮ ᠤᠨ ᠵᠦᠪᠯᠡᠯᠭᠡ ᠠᠪᠬᠤ ᠡᠭᠦᠳᠡᠨ ᠡᠮᠨᠡᠯᠭᠡ ᠶᠢ ᠨᠡᠮᠡᠭᠳᠡᠭᠦᠯᠵᠦ᠂ ᠬᠠᠮᠢᠶ᠎ᠠ ᠪᠦᠬᠦᠢ ᠮᠡᠳᠡᠯᠭᠡ ᠶᠢ ᠲᠦᠭᠡᠮᠡᠯᠵᠢᠭᠦᠯᠵᠦ᠂ ᠭᠠᠳᠠᠭᠤᠷᠴᠢᠯᠠᠯ ᠢ ᠪᠠᠭᠠᠰᠬᠠᠬᠤ ᠵᠡᠷᠭᠡ ᠠᠷᠭ᠎ᠠ ᠪᠠᠷᠢᠯ ᠢ ᠬᠡᠷᠡᠭᠵᠢᠭᠦᠯᠵᠤ᠂ ᠡᠪᠡᠳᠴᠢᠲᠡᠨ ᠤ ︽ᠥᠪᠡᠷ ᠢ ᠪᠠᠨ ᠨᠢᠭᠤᠬᠤ︾ ᠪᠠ ︽ᠴᠢᠮᠡᠭᠡ ᠦᠭᠡᠢ ᠰᠠᠯᠵᠤ ᠶᠠᠪᠤᠬᠤ︾ ᠲᠣᠬᠢᠶᠠᠯᠳᠤᠮᠵᠢ ᠶᠢ ᠪᠠᠭᠠᠰᠬᠠᠵᠤ ᠪᠠᠶᠢᠭ᠎ᠠ ᠬᠢᠳᠡᠯ ᠢᠶᠠᠷ ᠲᠤᠯᠢ ᠪᠤᠯᠭᠠᠵᠤ ᠪᠤᠯᠤᠨ᠎ᠠ᠃      ᠬᠥᠮᠦᠨ ᠲᠥᠷᠥᠯᠬᠢᠲᠡᠨ ᠶᠠᠮᠠᠷᠪᠠ ᠨᠢᠭᠡ ᠵᠦᠢᠯ ᠤᠨ ᠡᠪᠡᠳᠴᠢᠨ ᠡᠮᠭᠡᠭ ᠢ ᠢᠯᠠᠨ ᠳᠠᠪᠠᠭ᠋ᠤ ᠳᠤ ᠶᠡᠷᠦ ᠨᠢ ᠤᠷᠲᠤ ᠬᠤᠭᠤᠴᠠᠭᠠᠨ ᠤ᠂ ᠬᠠᠲᠠᠭᠤᠵᠢᠯᠲᠠᠶ᠂ ᠴᠢᠨᠠᠭᠰᠢᠯᠠᠪᠡᠯ ᠮᠠᠰᠢ ᠥᠨᠳᠥᠷ ᠥᠪᠡᠷ ᠤᠨ ᠥᠷᠲᠡᠭ ᠪᠦᠬᠦᠢ ᠴᠢᠷᠮᠠᠶᠢᠯᠭ᠎ᠠ ᠭᠠᠷᠭᠠᠳᠠᠬ ᠶᠤᠮ᠂ ᠭᠠᠩᠰᠠᠷᠠᠬᠤ ᠭᠡᠮ ᠴᠦ ᠠᠳᠠᠯᠢᠬᠠᠨ ᠪᠠᠶᠢᠳᠠᠭ᠃ ᠪᠢᠳᠡ ᠨᠠᠩ ᠣᠯᠠᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂  ᠥᠪᠡᠷ ᠤᠨ ᠪᠡᠶ᠎ᠡ ᠵᠢᠴᠢ ᠡᠷᠭᠢᠨ ᠲᠣᠭᠤᠷᠢᠨ ᠤ ᠬᠥᠮᠦᠰ ᠤᠨ ᠢᠶᠠᠨ ᠣᠶᠤᠨ ᠰᠠᠨᠠᠭᠠᠨ ᠤ ᠡᠷᠡᠭᠦᠯ ᠮᠡᠨᠳᠦ ᠶᠢ ᠬᠠᠮᠲᠤ ᠪᠠᠷ ᠠᠩᠬᠠᠷᠴᠤ ᠬᠠᠯᠠᠮᠵᠢᠯᠠᠪᠡᠯ ᠵᠤᠬᠢᠨ᠎ᠠ᠃          ︵︽ᠳᠤᠮᠳᠠᠳᠤ ᠤᠯᠤᠰ ᠤᠨ ᠮᠤᠩᠭᠤᠯ ᠭᠡᠯᠡᠨ  ᠤ ᠰᠤᠨᠢᠨ ᠮᠡᠳᠡᠭᠡ ᠶᠢᠨ ᠰᠦᠯᠵᠢᠶ᠎ᠠ︾ ᠠᠴᠠ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号