| | ᠡᠨᠡ ᠵᠢᠯ ᠠᠴᠠ ᠨᠠᠰᠢ᠂ ᠤᠯᠠᠭᠠᠨᠬᠤᠲᠠ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠲᠥᠷᠥᠯ ᠵᠦᠢᠯ ᠤᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠳᠤᠯᠠᠭᠠᠯᠭ᠎ᠠ ᠶᠢᠨ ᠬᠦᠷᠢᠶᠡᠨ ᠳᠤ ᠨᠡᠶᠢᠳᠡᠮ ᠣᠷᠣᠰᠢᠵᠤ ᠪᠠᠶᠢᠭ᠎ᠠ | ᠬᠦᠴᠢᠷ ᠠᠰᠠᠭᠤᠳᠠᠯ᠂ ᠬᠠᠯᠠᠮᠰᠢᠯ ᠠᠰᠠᠭᠤᠳᠠᠯ᠂ ᠠᠷᠠᠳ ᠤᠨ ᠬᠦᠰᠡᠯ ᠡᠷᠡᠮᠡᠯᠵᠡᠯ ᠳᠤ ᠠᠩᠬᠠᠷᠤᠯ ᠢᠶᠠᠨ | ᠲᠥᠪᠯᠡᠷᠡᠭᠦᠯᠦᠨ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠬᠤᠷᠳᠤᠴᠠ ᠶᠢ ᠨᠠᠷᠢᠯᠢᠭ ᠣᠨᠣᠴᠠᠲᠠᠶ ᠪᠠᠷ | ᠲᠦᠷᠭᠡᠳᠬᠡᠵᠦ᠂ ᠠᠷᠠᠳ ᠤᠯᠠᠨ ᠤ ᠵᠢᠷᠭᠠᠯᠳᠤ ᠲᠦᠷᠦᠭᠳᠡᠯ ᠢ ᠨᠡᠮᠡᠭᠳᠡᠬᠦᠯᠵᠤ ᠪᠤᠢ᠃ | ᠱᠦᠢᠨᠢ ᠵᠢᠭᠤᠷᠠᠬᠤ ᠮᠠᠰᠢᠨ ᠤ ᠬᠦᠩᠭᠢᠨᠡᠮ᠎ᠡ ᠳᠠᠭᠤᠨ ᠤ ᠳᠤᠮᠳᠠ᠂ ᠤᠯᠠᠭᠠᠨᠬᠤᠲᠠ ᠶᠢᠨ ᠱᠧᠩ ᠶᠤᠸᠠᠨ ᠪᠠᠭ᠎ᠠ | ᠲᠣᠭᠤᠷᠢᠭ ᠤᠨ ᠲᠡᠷᠭᠡᠨ ᠵᠤᠭᠰᠤᠭᠠᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠶᠠᠭ ᠬᠦᠷ ᠬᠥᠭᠵᠢᠶᠡᠨ ᠲᠠᠢ | ᠶᠠᠪᠤᠭᠳᠠᠵᠤ᠂ ᠪᠠᠭ᠎ᠠ ᠲᠣᠭᠤᠷᠢᠭ ᠤᠨ ᠰᠠᠭᠤᠷᠢ ᠲᠥᠬᠦᠭᠡᠷᠦᠮᠵᠢ ᠪᠣᠯᠤᠨ ᠢᠯᠴᠢ ᠬᠠᠩᠭᠠᠯᠭ᠎ᠠ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠪᠦᠳᠦᠭᠡᠨ ᠪᠠᠶᠢᠭᠤᠯᠤᠯᠲᠠ ᠨᠢ ᠠᠷᠠᠳ ᠤᠯᠠᠨ ᠤ ᠬᠦᠷᠲᠡᠮᠵᠢ ᠶᠢᠨ | ᠲᠦᠷᠦᠭᠳᠡᠯ ᠢ ᠨᠡᠮᠡᠭᠳᠡᠭᠦᠯᠵᠡᠢ᠃ | | ︽ᠱᠧᠩ ᠶᠤᠸᠠᠨ ᠰᠠᠭᠤᠭᠠᠯᠢ ᠠᠷᠠᠳ ᠤᠨ ᠲᠣᠭᠤᠷᠢᠭ ᠨᠢ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠨᠢᠭᠡ ᠪᠣᠯᠤᠭᠰᠠᠨ ᠤ ᠬᠤᠪᠢ ᠳᠤ᠂ ᠳᠤᠯᠠᠭᠠᠯᠭ᠎ᠠ ᠶᠢᠨ ᠠᠰᠠᠭᠤᠳᠠᠯ ᠪᠠ ᠪᠤᠬᠢᠷ ᠤᠰᠤᠨ ᠤ | ᠠᠰᠠᠭᠤᠳᠠᠯ ᠨᠢ ᠶᠡᠷᠦ ᠠᠴᠠ ᠣᠯᠠᠨ ᠲᠦᠮᠡᠨ ᠤ ᠬᠠᠯᠠᠮᠵᠢᠯᠠᠨ ᠠᠩᠬᠠᠷᠴᠤ ᠪᠠᠶᠢᠭ᠎ᠠ ᠲᠡᠷᠢᠭᠦᠨ ᠴᠢᠬᠤᠯᠠ ᠶᠠᠪᠤᠳᠠᠯ | ᠪᠣᠯᠤᠭᠰᠠᠭᠠᠷ ᠢᠷᠡᠵᠡᠶ᠃ ᠡᠨᠡ ᠵᠢᠯ᠂ ︿ᠬᠠᠶᠢᠷ᠎ᠠ ᠬᠠᠯᠠᠮᠵᠢ ᠶᠢᠨ ᠢᠨᠵᠧᠨᠧᠷᠢᠩ﹀ ᠤᠨ ᠲᠥᠷᠥᠯ ᠵᠦᠢᠯ ᠢ | ᠬᠡᠷᠡᠭᠵᠢᠭᠦᠯᠦᠭᠰᠡᠨ ᠨᠢ ᠡᠲᠡᠭᠡᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠴᠢᠳᠠᠭᠰᠠᠨ ᠢᠶᠠᠷ ᠪᠠᠷᠠᠬᠤ ᠥᠬᠡᠶ | ᠪᠠᠰᠠ ᠮᠠᠨ ᠤ ᠰᠠᠭᠤᠭᠠᠯᠢ ᠠᠷᠠᠳ ᠤᠨ ᠲᠣᠭᠤᠷᠢᠭ ᠲᠤ ᠮᠠᠰᠢ ᠣᠯᠠᠨ ᠲᠡᠷᠭᠡᠨ ᠵᠤᠭᠰᠤᠭᠠᠯ ᠨᠡᠮᠡᠵᠦ᠂ ᠰᠠᠭᠤᠭᠠᠯᠢ | ᠠᠷᠠᠳ ᠤᠨ ᠲᠣᠭᠤᠷᠢᠭ ᠤᠨ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠬᠦᠴᠢᠷᠳᠡᠯ ᠢ ᠰᠢᠢᠳᠪᠦᠷᠢᠯᠡᠵᠠᠢ᠂ | ᠰᠠᠭᠤᠭᠠᠯᠢ ᠠᠷᠠᠳ ᠴᠥᠮ ᠡᠨᠡ ᠬᠦ ᠠᠵᠢᠯ ᠢ ᠣᠨᠴᠠᠭᠠᠶᠢᠯᠠᠨ ᠳᠡᠮᠵᠢᠵᠦ ᠪᠠᠶᠢᠨ᠎ᠠ︾ ᠭᠡᠵᠦ ᠠᠶᠢᠭᠦ᠋ᠸᠧ ᠵᠡᠭᠡᠯᠢ ᠶᠢᠨ | ᠴᠦᠨ ᠶᠠᠩ ᠨᠡᠶᠢᠭᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠤᠨ ᠱᠦᠵᠢ᠂ ᠡᠷᠬᠢᠯᠡᠭᠴᠢ ᠹᠦ᠋ ᠶᠤᠸᠠᠨ ᠬᠡᠯᠡᠪᠡ᠃ | | | ᠤᠯᠠᠭᠠᠨᠬᠤᠲᠠ ᠶᠢᠨ ᠬᠤᠩᠴᠧᠩ ᠷᠧᠨ ᠵᠢᠶᠠ ᠲᠣᠭᠤᠷᠢᠭ ᠤᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ | ᠤᠨ ᠢᠯᠴᠢ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠶᠢᠨ | ᠲᠤᠬᠠᠢ ᠶᠢᠨ ᠲᠠᠯᠠᠪᠠᠢ ᠳᠤ᠂ ᠪᠠᠷᠢᠯᠭ᠎ᠠ ᠶᠢᠨ ᠠᠵᠢᠯᠲᠠᠳ ᠬᠠᠷᠢᠶ᠎ᠠ ᠲᠣᠭᠤᠷᠢᠭ ᠤᠨ ᠢᠶᠠᠨ ᠢᠯᠴᠢ ᠬᠠᠩᠭᠠᠬᠤ | ᠬᠤᠭᠤᠯᠠᠢ ᠶᠢ ᠳᠡᠪᠢᠰᠦᠨ ᠤᠭᠰᠠᠷᠠᠵᠤ᠂ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠲᠠᠢ ᠶᠠᠭᠠᠷᠠᠯᠲᠠᠢ ᠪᠠᠶᠢᠳᠠᠯ | ᠢᠯᠡᠷᠡᠵᠡᠢ᠃ | ︽ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠡᠯ᠎ᠡ ᠲᠥᠷᠥᠯ ᠵᠦᠢᠯ ᠤᠨ ᠤᠷᠤᠭᠰᠢᠲᠠᠶ | ᠬᠡᠷᠡᠭᠵᠢᠭᠦᠯᠦᠭᠳᠡᠬᠦ ᠶᠢ ᠨᠠᠩ ᠰᠠᠶᠢᠨ ᠨᠠᠩ ᠲᠦᠷᠭᠡᠨ ᠢᠶᠠᠷ ᠠᠬᠢᠭᠤᠯᠬᠤ ᠶᠢᠨ ᠲᠥᠯᠥᠭᠡ᠂ ᠬᠤᠲᠠ ᠶᠢᠨ ᠠᠳᠠᠯ | ᠠᠬᠤᠶ ᠶᠢᠨ ᠦᠢᠯᠡᠴᠢᠯᠡᠭᠡᠨ ᠤ ᠲᠥᠪ ᠤᠨ ᠬᠢᠨ ︿ᠬᠥᠮᠦᠨ ᠢᠶᠠᠷ ᠦᠨᠳᠦᠰᠦ ᠪᠣᠯᠭᠠᠬᠤ﹀ ᠭᠤᠤᠯ ᠦᠵᠡᠯ ᠰᠠᠨᠠᠭ᠎ᠠ ᠶᠢ | ᠢᠮᠠᠭᠲᠠ ᠪᠠᠷᠢᠮᠲᠠᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠶᠢ | ᠲᠠᠰᠤᠷᠠᠯᠲᠠ ᠥᠬᠡᠶ ᠴᠢᠩᠭᠠᠳᠬᠠᠵᠤ᠂ ᠲᠥᠷᠥᠯ ᠵᠦᠢᠯ ᠤᠨ ᠬᠡᠪ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ | | ᠡᠨᠡ ᠵᠢᠯ ᠤᠨ ᠡᠬᠢᠨ ᠠᠴᠠ ᠨᠠᠰᠢ᠂ ᠤᠯᠠᠭᠠᠨᠬᠤᠲᠠ ᠶᠢᠨ ᠬᠢᠨ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ | ᠠᠷᠠᠳ ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ᠂ ᠬᠤᠶᠠᠳᠠᠬᠢ ᠤᠳᠠᠭᠠᠨ ᠤ | ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠢ 76 ᠺᠢᠯᠣᠮᠧᠲᠷ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠠᠢ᠃ | ᠤᠳᠤᠬᠠᠨ ᠳᠤ 118 ᠪᠠᠭ᠎ᠠ ᠲᠣᠭᠤᠷᠢᠭ ᠲᠤ ᠬᠤᠯᠪᠣᠭᠳᠠᠬᠤ᠂ 96 ᠢᠯᠴᠢ ᠰᠣᠯᠢᠯᠴᠠᠬᠤ ᠥᠷᠲᠡᠭᠡ ᠶᠢ | ᠥᠭᠡᠷᠡᠴᠢᠯᠡᠨ ᠪᠠᠶᠢᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠤ᠂ ᠬᠠᠭᠤᠴᠢᠨ ᠪᠠᠭ᠎ᠠ | ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠬᠤ ᠪᠠ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠢ ᠥᠭᠡᠷᠡᠴᠢᠯᠡᠨ | ᠰᠠᠶᠢᠵᠢᠷᠠᠭᠤᠯᠬᠤ ᠶᠢ ᠤᠶᠠᠯᠳᠤᠭᠤᠯᠤᠨ ᠪᠥᠬᠦ ᠬᠦᠴᠦᠨ ᠢᠶᠠᠷ ᠠᠬᠢᠭᠤᠯᠵᠤ᠂ ᠠᠷᠠᠳ ᠣᠯᠠᠨ ᠤ ᠰᠡᠳᠬᠢᠯ ᠢ | ᠳᠤᠯᠠᠭᠠᠴᠠᠭᠤᠯᠬᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠯᠠᠪᠳᠠᠭᠤᠨ ᠪᠠᠲᠤᠲᠠᠶ ᠶᠠᠪᠤᠭᠳᠠᠭᠤᠯᠵᠤ ᠪᠠᠶᠢᠨ᠎ᠠ᠃ | |