ᠢᠯᠠᠯᠳᠠ ᠬᠤᠪᠢᠶᠠᠷᠢ ᠬᠤᠷᠢᠶ᠎ᠠ ᠤᠳᠠᠭᠠᠨ ᠴᠢᠨᠠᠷᠳᠠᠢ ᠡᠪᠡᠳᠴᠢᠨ ᠤ ᠬᠠᠮᠢᠶᠠᠷᠤᠯᠳᠠ ᠶᠢ ᠯᠠᠪᠳᠠᠭᠤᠨ ᠪᠠᠳᠤᠳᠠᠢ ᠦᠷᠨᠢᠬᠦᠯᠤᠨ ᠡᠮᠨᠡᠨ ᠵᠠᠰᠠᠬᠤ ᠪᠠ ᠤᠷᠢᠳᠴᠢᠯᠡᠨ ᠰᠡᠷᠭᠡᠶᠢᠯᠡᠬᠦ ᠠᠵᠢᠯ ᠢ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2024/6/13
     ᠤᠶᠢᠷ᠎ᠠ ᠶᠢᠨ ᠡᠳᠦᠷ᠂ ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠢᠯᠠᠯᠳᠠ ᠬᠤᠪᠢᠶᠠᠷᠢ ᠬᠤᠷᠢᠶ᠎ᠠ ᠶᠢᠨ ᠬᠢᠨ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠵᠢᠷᠦᠬᠡᠨ ᠲᠢᠲᠢᠮ ᠤᠨ ᠡᠪᠡᠳᠴᠢᠨ᠂ ᠲᠠᠷᠢᠬᠢᠨ ᠤ ᠰᠠ ᠡᠪᠡᠳᠴᠢᠨ᠂ ᠠᠭᠤᠰᠭᠢᠨ ᠡᠪᠡᠳᠴᠢᠨ᠂ ᠤᠳᠠᠭᠠᠨ ᠴᠢᠨᠠᠷᠲᠠᠶ ᠪᠥᠭᠡᠷᠡᠨ ᠡᠪᠡᠳᠴᠢᠨ ᠵᠡᠷᠭᠡ ᠭᠤᠣᠯ ᠪᠣᠯᠬᠤ ᠤᠳᠠᠭᠠᠨ ᠴᠢᠨᠠᠷᠲᠠᠶ ᠡᠪᠡᠳᠴᠢᠨ ᠡᠭᠦᠰᠭᠦ ᠶᠢ ᠰᠡᠷᠭᠡᠶᠢᠯᠡᠬᠦ ᠶᠢᠨ ᠲᠥᠯᠥᠭᠡ᠂ ᠲᠥᠪ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠠᠷᠢᠶᠠᠲᠤ ᠣᠷᠣᠨ ᠤ ᠪᠠᠨ ᠳᠣᠲᠣᠷ᠎ᠠ ᠪᠠᠨ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠡᠪᠡᠳᠴᠢᠨ ᠢ ᠰᠦᠢᠳᠭᠡᠯ ᠬᠤᠷᠢᠶᠠᠬᠤ ᠥᠬᠡᠶ ᠪᠠᠷ ᠰᠢᠭᠰᠢᠨ ᠪᠠᠶᠢᠴᠠᠭᠠᠬᠤ ᠠᠵᠢᠯᠯᠠᠭ᠎ᠠ ᠶᠢ ᠦᠷᠨᠢᠬᠦᠯᠪᠡ᠃      ᠳᠤᠰ ᠤᠳᠠᠭᠠᠨ  ᠤ ᠠᠵᠢᠯᠯᠠᠭ᠎ᠠ ᠶᠢ ᠡᠭᠦᠳᠡᠨ ᠡᠮᠨᠡᠯᠭᠡ ᠶᠢᠨ ᠣᠨᠣᠰᠢᠯᠠᠨ ᠡᠮᠨᠡᠬᠦ ᠪᠠ ᠡᠷᠦᠬᠡ ᠪᠠᠷ ᠭᠥᠨᠵᠡᠬᠡᠶᠢᠷᠠᠵᠥ ᠰᠢᠭᠰᠢᠨ ᠪᠠᠶᠢᠴᠠᠭᠠᠬᠤ ᠬᠤᠶᠠᠷ ᠲᠠᠯ᠎ᠠ ᠪᠠᠷ ᠶᠠᠪᠤᠭᠳᠠᠭᠤᠯᠤᠬᠰᠠᠨ ᠪᠠᠶᠢᠨ᠎ᠠ᠃ ᠠᠵᠢᠯᠯᠠᠭ᠎ᠠ ᠳᠤ᠂ ᠡᠮᠨᠡᠯᠭᠡ ᠶᠢᠨ ᠠᠵᠢᠯᠲᠠᠳ ᠰᠠᠭᠤᠭᠠᠯᠢ ᠠᠷᠠᠳ ᠤᠨ ᠪᠡᠶ᠎ᠡ ᠶᠢᠨ ᠪᠠᠶᠢᠳᠠᠯ ᠪᠠ ᠡᠪᠡᠳᠴᠢᠨ ᠤ ᠲᠡᠦᠬᠡ ᠶᠢ ᠨᠠᠷᠢᠨ ᠨᠢᠮᠪᠠᠶ ᠠᠰᠠᠭᠤᠨ ᠯᠠᠪᠯᠠᠵᠤ᠂ ᠦᠷᠭᠦᠯᠵᠢ ᠬᠡᠷᠡᠭᠯᠡᠳᠡᠭ ᠡᠮ ᠤᠨ ᠵᠦᠢᠯᠡᠰ ᠢ ᠪᠠᠶᠢᠴᠠᠭᠠᠨ ᠦᠵᠡᠵᠦ᠂ ᠪᠡᠶ᠎ᠡ ᠶᠢᠨ ᠥᠨᠳᠥᠷ ᠪᠡᠶ᠎ᠡ ᠶᠢᠨ ᠬᠦᠨᠳᠦ᠂ ᠴᠢᠰᠤᠨ ᠳᠠᠷᠤᠯᠲᠠ᠂ ᠴᠢᠰᠤᠨ ᠰᠢᠬᠢᠷ᠂ ᠵᠢᠷᠦᠬᠡᠨ ᠤ ᠯᠤᠭᠰᠢᠯᠲᠠ ᠶᠢᠨ ᠵᠢᠷᠤᠭ ᠵᠡᠷᠭᠡ ᠶᠢ ᠬᠡᠮᠵᠢᠬᠦ ᠠᠷᠭ᠎ᠠ ᠪᠠᠷ ᠡᠷᠡᠭᠦᠯ ᠴᠢᠭᠢᠷᠠᠭ ᠤᠨ ᠪᠠᠶᠢᠳᠠᠯ ᠢ ᠨᠢ ᠪᠠᠶᠢᠴᠠᠭᠠᠨ ᠰᠢᠯᠭᠠᠵᠤ᠂ ᠰᠢᠭᠰᠢᠨ ᠪᠠᠶᠢᠴᠠᠭᠠᠵᠤ ᠭᠠᠷᠭᠠᠭᠰᠠᠨ ᠤᠳᠠᠭᠠᠨ ᠴᠢᠨᠠᠷᠲᠠᠶ ᠡᠪᠡᠳᠴᠢᠲᠡᠨ ᠳᠤ ᠡᠷᠡᠬᠦᠯ ᠡᠩᠭᠡ ᠶᠢᠨ ᠵᠢᠯᠤᠭᠤᠳᠤᠮᠵᠢ ᠬᠠᠨᠭ᠍ᠭᠠᠵᠦ᠂ ᠳᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠡᠷᠡᠭᠦᠯ ᠴᠢᠭᠢᠷᠠᠭ ᠤᠨ ᠬᠠᠮᠢᠶᠠᠷᠤᠯᠲᠠ ᠳᠤ ᠣᠷᠣᠭᠤᠯᠪᠠ᠃      ᠤᠯᠠᠭᠠᠨᠬᠤᠳᠠ ᠶᠢᠨ ᠡᠮ ᠡᠮᠨᠡᠯᠭᠡ ᠶᠢᠨ ᠬᠠᠮᠳᠦ ᠶᠢᠨ ᠴᠤᠬᠴᠠ ᠶᠢᠨ ᠢᠯᠠᠯᠳᠠ ᠬᠤᠪᠢᠶᠠᠷᠢ ᠬᠤᠷᠢᠶ᠎ᠠ ᠤᠳᠠᠭᠠᠨ ᠴᠢᠨᠠᠷᠲᠠᠢ ᠡᠪᠡᠳᠴᠢᠨ ᠤ ᠬᠠᠮᠵᠢᠯᠴᠠᠬᠤ ᠲᠣᠭᠲᠠᠴᠠ ᠶᠢ ᠢᠳᠡᠪᠬᠢᠲᠡᠢ ᠲᠡᠭᠦᠯᠳᠡᠷᠵᠢᠭᠦᠯᠵᠦ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠲᠠᠢ ᠭᠦᠢᠴᠡᠳ ᠤᠶᠠᠯᠳᠤᠭᠤᠯᠵᠤ᠂ ᠲᠤᠤᠷᠵᠢᠯᠠᠭᠰᠠᠨ ᠬᠠᠮᠢᠶᠠᠷᠤᠯᠲᠠ ᠪᠠᠷ ᠭᠠᠷᠳᠠᠴᠠ ᠪᠣᠯᠭᠠᠵᠤ᠂ ᠤᠳᠠᠭᠠᠨ ᠴᠢᠨᠠᠷᠲᠠᠢ ᠡᠪᠡᠳᠴᠢᠨ ᠢ ᠰᠢᠭᠰᠢᠨ ᠪᠠᠶᠢᠴᠠᠭᠠᠬᠤ ᠪᠠᠷ ᠳᠠᠮᠵᠢᠨ ᠰᠠᠭᠤᠭᠠᠯᠢ ᠠᠷᠠᠳ ᠲᠤ ᠪᠦᠷᠢᠨ ᠭᠦᠢᠴᠡᠳ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠵᠥ᠂ ᠤᠳᠠᠭᠠᠨ ᠴᠢᠨᠠᠷᠲᠠᠢ ᠡᠪᠡᠳᠴᠢᠨ ᠢ ᠡᠷᠲᠡ ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠡᠮᠨᠡᠨ ᠵᠠᠰᠠᠬᠤ ᠶᠢ ᠪᠡᠶᠡᠯᠡᠭᠦᠯᠵᠦ᠂ ᠤᠯᠠᠨ ᠲᠦᠮᠡᠨ ᠳᠤ ᠤᠶᠢᠯᠡᠴᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾  ᠢ ᠦᠨᠡᠨᠬᠦ ᠨᠡᠪᠲᠡᠷᠡᠭᠦᠯᠵᠡᠢ᠃                                     ︵ᡁᠢ ᠮᠢᠨ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号