ᠪᠦᠬᠦ ᠤᠷᠤᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠲᠤᠰᠬᠠᠶ ᠰᠣᠷᠢᠯᠲᠠ ᠤᠯᠠᠭᠠᠨᠬᠤᠳᠠ ᠶᠢᠨ ᠢᠯᠠᠯᠳᠠ ᠪᠠᠯᠭᠠᠰᠤᠨ ᠤ ᠮᠢᠨ ᠱᠧᠩ ᠭᠠᠴᠠᠭᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/13
  ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠡᠩᠨᠡᠭᠡ ᠶᠢᠨ ᠦᠶᠡᠷ ᠢ ᠰᠡᠷᠭᠡᠶᠢᠯᠡᠬᠦ ᠵᠢᠴᠢ ᠭᠠᠮᠰᠢᠭ ᠲᠠᠢ ᠲᠡᠮᠡᠴᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂  ᠤᠶᠢᠷ᠎ᠠ ᠳᠤ᠂ 2024 ᠣᠨ ᠤ ᠪᠦᠬᠦ ᠤᠷᠤᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠲᠤᠰᠬᠠᠢ ᠰᠣᠷᠢᠯᠲᠠ ᠶᠢ ᠬᠢᠩᠭᠠᠨ ᠠᠶᠢᠮᠠᠭ ᠤᠨ ᠤᠯᠠᠭᠠᠨᠬᠤᠳᠠ ᠶᠢᠨ ᠢᠯᠠᠯᠳᠠ ᠪᠠᠯᠭᠠᠰᠤ ᠶᠢᠨ ᠮᠢᠨ ᠱᠧᠩ ᠭᠠᠴᠠᠭᠠᠨ ᠳᠤ ᠶᠠᠪᠤᠭᠳᠠᠭᠤᠯᠵᠠᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠤᠰᠤ ᠭᠠᠩ ᠤᠨ ᠭᠠᠮᠰᠢᠭ ᠢ ᠰᠡᠷᠭᠡᠶᠢᠯᠡᠬᠦ ᠮᠡᠷᠭᠡᠵᠢᠯ ᠤᠨ ᠲᠥᠪ ᠤᠨ ᠡᠷᠬᠢᠯᠡᠭᠴᠢ ᠪᠦᠦ ᠰᠦᠩ ᠯᠢᠨ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠵᠧᠤ ᠸᠧᠨ᠂ ᠬᠢᠩᠭᠠᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠪᠠᠶ ᠱᠤᠸᠠᠩ᠂ ᠤᠯᠠᠭᠠᠨᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠮᠠ ᠱᠤ᠋ ᠭᠠᠩ᠂ ᠤᠯᠠᠭᠠᠨᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠶᠢᠩ ᠺᠦᠨ ᠵᠢᠴᠢ ᠪᠥᠬᠦ ᠣᠷᠣᠨ ᠤ ᠡᠯ᠎ᠡ ᠠᠶᠢᠮᠠᠭ ᠬᠤᠲᠠ᠂ ᠡᠯ᠎ᠡ ᠬᠤᠰᠢᠭᠤ ᠰᠢᠶᠠᠨ ᠤ ᠬᠠᠮᠢᠶ᠎ᠠ ᠪᠥᠬᠦᠶ ᠪᠠᠶᠢᠭᠤᠯᠭ᠎ᠠ ᠨᠢᠭᠡᠴᠢ ᠶᠢᠨ ᠬᠠᠷᠢᠭᠤᠴᠠᠯᠭᠠᠲᠠᠨ   ᠨᠠᠷ ᠲᠤᠰ ᠤᠳᠠᠭᠠᠨ ᠤ ᠰᠣᠷᠢᠯᠲᠠ ᠳᠤ ᠣᠷᠣᠯᠴᠠᠪᠠ᠃
      ᠲᠣᠰ ᠤᠳᠠᠭᠠᠨ ᠤ ᠰᠣᠷᠢᠯᠲᠠ ᠨᠢ ᠤᠯᠠᠭᠠᠨᠬᠤᠲᠠ ᠳᠤ ᠦᠷᠭᠦᠯᠵᠢᠯᠡᠨ ᠰᠢᠷᠦᠭᠦᠨ ᠪᠣᠷᠣᠭᠠᠨ ᠣᠷᠣᠵᠤ᠂ ᠪᠣᠷᠣᠭᠠᠨ ᠤ ᠬᠡᠮᠵᠢᠶ᠎ᠡ ᠨᠢ 100 ᠮᠢᠯᠢᠮᠧᠲᠷ ᠠᠴᠠ ᠳᠡᠭᠡᠭᠰᠢ ᠪᠠᠶᠢᠬᠤ ᠪᠠᠷ ᠠᠷᠤ ᠦᠵᠡᠭᠳᠡᠯ ᠪᠣᠯᠭᠠᠵᠤ᠂ ︽ᠳᠠᠭᠤᠷᠢᠶᠠᠮᠠᠯ ᠲᠠᠯᠠᠪᠤᠷ᠂ ᠪᠣᠳᠠᠲᠤ ᠪᠠᠶᠢᠯᠳᠤᠭᠠᠨ ᠤ ᠰᠣᠷᠢᠯᠲᠠ︾ ᠬᠢᠬᠦ ᠠᠷᠭ᠎ᠠ ᠪᠠᠷ ᠶᠠᠪᠤᠭᠳᠠᠭᠤᠯᠵᠠᠢ᠃ ᠰᠣᠷᠢᠯᠲᠠ ᠡᠬᠢᠯᠡᠭᠰᠡᠨ ᠤ ᠳᠠᠷᠠᠭ᠎ᠠ᠂ ᠠᠵᠢᠯᠲᠠᠨ ᠤ ᠠᠵᠢᠯ ᠤᠨ ᠬᠤᠪᠢᠶᠠᠷᠢᠯᠠᠯ ᠲᠣᠳᠣᠷᠬᠠᠶ᠂ ᠲᠤᠬᠠᠶ ᠶᠢᠨ ᠲᠠᠯᠠᠪᠤᠷ ᠤᠨ ᠬᠡᠷᠡᠭᠵᠢᠭᠦᠯᠦᠯᠲᠡ ᠬᠦᠴᠦᠲᠡᠶ ᠪᠠᠶᠢᠵᠤ᠂ ᠦᠶᠡᠷ ᠤᠨ ᠪᠠᠶᠢᠳᠠᠯ ᠤᠨ ᠮᠡᠳᠡᠭᠦᠯᠦᠯᠲᠡ ᠶᠢ ᠲᠤᠰᠤᠭᠰᠠᠨ ᠤ ᠳᠠᠷᠠᠭ᠎ᠠ᠂ ᠲᠤᠬᠠᠶ ᠶᠢᠨ ᠲᠠᠯᠠᠪᠤᠷ ᠤᠨ ᠵᠢᠯᠣᠭᠤᠳᠬᠤ ᠭᠠᠵᠠᠷ ᠲᠠᠷᠤᠶᠢᠬᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠨ ᠬᠡᠷᠡᠭᠵᠢᠭᠦᠯᠵᠦ᠂ ᠰᠣᠷᠢᠯᠲᠠ ᠳᠤ ᠣᠷᠣᠯᠴᠠᠭᠰᠠᠳ ᠪᠡᠯᠡᠳᠬᠡᠯ ᠲᠥᠰᠦᠯ ᠤᠨ ᠱᠠᠭᠠᠷᠳᠠᠯᠭ᠎ᠠ ᠶᠣᠰᠣᠭᠠᠷ ᠳᠠᠷᠤᠶ ᠲᠦᠷᠭᠡᠨ ᠬᠦᠳᠡᠯᠤᠯᠴᠡᠵᠤ᠂ ᠭᠠᠷ ᠢᠶᠠᠷ ᠡᠷᠭᠢᠭᠦᠯᠬᠦ ᠲᠦᠭᠰᠢᠭᠦᠷᠢ ᠮᠡᠳᠡᠭᠡᠯᠡᠬᠦ ᠮᠠᠰᠢᠨ᠂ ᠳᠠᠭᠠᠭᠤᠯᠢ ᠣᠳᠣᠨ ᠳ᠋ᠢᠶᠠᠩᠬᠤᠸᠠ ᠵᠡᠷᠭᠡ ᠪᠠᠷ ᠪᠠᠴᠢᠮ ᠰᠢᠯᠵᠢᠭᠦᠯᠬᠦ ᠵᠠᠷᠯᠢᠭ ᠪᠠᠭᠤᠯᠭᠠᠵᠤ᠂ ᠡᠯ᠎ᠡ ᠳᠤᠭᠤᠶᠢᠯᠠᠩ ᠤᠨ ᠬᠢᠨ ᠦᠳᠲᠡᠷ ᠲᠦᠷᠭᠡᠨ ᠢᠶᠠᠷ ᠲᠣᠰ ᠲᠣᠰ ᠤᠨ ᠠᠵᠢᠯ ᠤᠨ ᠪᠠᠶᠢᠷᠢ ᠳᠠᠭᠠᠨ ᠬᠦᠷᠴᠦ ᠠᠵᠢᠯᠲᠠᠨ ᠢᠶᠠᠨ ᠰᠢᠯᠵᠢᠭᠦᠯᠵᠦ ᠠᠶᠤᠯ ᠠᠴᠠ ᠵᠠᠶᠢᠯᠠᠭᠤᠯᠬᠤ ᠪᠠ ᠠᠪᠤᠷᠠᠨ ᠲᠤᠰᠠᠯᠠᠬᠤ ᠠᠵᠢᠯ ᠢ ᠥᠷᠨᠢᠭᠦᠯᠪᠡ᠃ ᠪᠦᠬᠦ᠋ᠢᠯᠡ ᠰᠣᠷᠢᠯᠲᠠ ᠶᠢᠨ ᠶᠠᠪᠤᠴᠠ ᠨᠢ ᠪᠤᠰᠢᠭᠤ ᠲᠦᠷᠭᠡᠨ᠂ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠪᠠᠶᠢᠵᠤ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠠᠩᠭᠢ  ᠶᠢᠨ ᠪᠣᠳᠠᠲᠤ ᠪᠠᠶᠢᠯᠳᠤᠭᠠᠨ ᠤ ᠴᠢᠳᠠᠪᠤᠷᠢ  ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号