| ᠬᠥᠳᠡᠭᠡ ᠲᠣᠰᠬᠤᠨ ᠳᠤ ᠣᠴᠢᠵᠤ ᠬᠡᠭᠡᠷ᠎ᠡ ᠬᠤᠭᠤᠯᠠᠯᠠᠨ ᠰᠢᠷᠠᠮᠠᠯ ᠢᠳᠡᠭᠡᠨ ᠰᠢᠷᠠᠵᠤ᠂ ᠠᠷᠠᠳ ᠤᠨ ᠣᠷᠣᠨ | ᠰᠠᠭᠤᠴᠠ ᠳᠤ ᠬᠤᠨᠣᠵᠤ ᠰᠡᠯᠡᠭᠦᠴᠡᠨᠡ ᠁ ᠠᠭᠤᠷ ᠠᠮᠢᠰᠬᠤᠯ ᠲᠠᠰᠤᠷᠠᠯᠲᠠ ᠦᠭᠡᠢ ᠳᠡᠭᠡᠭᠰᠢᠯᠡᠬᠦ ᠶᠢ ᠲᠠᠭᠠᠯᠳᠤᠨ | ᠂ ᠤᠯᠠᠭᠠᠨᠬᠤᠲᠠ ᠶᠢᠨ ᠤᠯᠠᠮ ᠠᠴᠠ ᠤᠯᠠᠮ ᠤᠯᠠᠨ ᠬᠤᠳᠠ ᠶᠢᠨ ᠠᠷᠠᠳ ᠬᠤᠳᠠ ᠶᠢᠨ ᠤᠶᠢᠮᠡᠭᠡᠨ ᠱᠤᠤᠬᠢᠶᠠᠨ ᠠᠴᠠ | ᠵᠠᠶᠢᠳᠠᠬᠤ ᠶᠢ ᠰᠣᠩᠭᠤᠵᠤ᠂ ︽ᠬᠥᠳᠡᠭᠡ ᠲᠣᠰᠬᠤᠨ ᠢᠶᠠᠷ ᠵᠢᠭᠤᠯᠴᠢᠯᠠᠬᠤ︾ ᠠᠶᠠᠯᠠᠯ ᠢᠶᠠᠨ ᠡᠬᠢᠯᠡᠭᠦᠯᠵᠦ ᠬᠥᠳᠡᠭᠡ | ᠲᠣᠰᠬᠤᠨ ᠤ ᠰᠡᠯᠡᠭᠦᠴᠡᠯ ᠤᠨ ᠰᠠᠶᠢᠬᠠᠨ ᠴᠠᠭ ᠢ ᠡᠳ᠋ᠯᠡᠨ᠎ᠡ᠃ | ᠭᠡᠭᠡᠨᠰᠦ᠋ᠮ᠎ᠠ ᠪᠠᠯᠭᠠᠰᠤᠨ ᠤ ᠴᠠᠨ ᠰᠢ ᠶᠢᠨ ᠠᠷᠠᠳ ᠤᠨ ᠣᠷᠣᠨ ᠰᠠᠭᠤᠴᠠ ᠪᠠᠷ ᠬᠦᠷᠬᠦ ᠳᠤ᠂ ᠲᠡᠷᠡ ᠨᠢ | ᠳᠥᠷᠪᠡᠨ ᠲᠠᠯ᠎ᠠ ᠪᠠᠷ ᠢᠶᠠᠨ ᠴᠡᠴᠡᠭ ᠡᠪᠡᠰᠦ ᠪᠠᠷ ᠬᠦᠷᠢᠶᠡᠯᠡᠭᠳᠡᠵᠦ᠂ ᠤᠷᠢᠬᠠᠨ ᠰᠠᠯᠬᠢ ᠰᠡᠩᠭᠢᠨᠡᠵᠦ᠂ ᠴᠡᠴᠡᠭ ᠤᠨ | ᠦᠨᠦᠷ ᠠᠩᠬᠢᠯᠤᠭᠠᠳ᠂ ᠨᠠᠮ ᠰᠡᠯᠡᠭᠦᠨ ᠶᠢᠷᠲᠢᠨᠴᠦ ᠶᠢᠨ ᠭᠠᠳᠠᠨᠠᠬᠢ ᠲᠤᠭᠤᠷ ᠤᠨ ᠬᠦᠷᠢᠶᠡᠯᠡᠩ ᠳᠤ ᠤᠷᠤᠭᠰᠠᠨ | ᠮᠡᠳᠤ ᠰᠠᠨᠠᠭᠳᠠᠭᠤᠯᠤᠨ᠎ᠠ᠃ ᠵᠢᠭᠤᠯᠴᠢᠯᠠᠭᠴᠢ ᠸᠠᠩ ᠨᠠᠨ ᠵᠥᠭᠡᠯᠡᠨ ᠱᠠᠹᠠ ᠳᠡᠭᠡᠷ᠎ᠡ ᠲᠠᠪᠠᠳᠠᠶᠢᠬᠠᠨ ᠰᠠᠭᠤᠵᠤ᠂ ᠨᠣᠮ | ᠤᠷᠪᠠᠭᠤᠯᠤᠨ᠂ ᠳᠣᠲᠣᠭᠠᠳᠤ ᠰᠡᠳᠬᠢᠯ ᠤᠨ ᠨᠠᠮ ᠰᠡᠯᠡᠭᠦᠨ ᠪᠠ ᠰᠠᠶᠢᠨ ᠰᠠᠶᠢᠬᠠᠨ ᠢ ᠡᠳ᠋ᠯᠡᠵᠦ᠂ ᠣᠯᠳᠠᠬᠤᠶ᠎ᠠ ᠪᠡᠷᠬᠡ | ᠰᠡᠯᠡᠭᠦᠦ ᠴᠠᠭ ᠲᠤ ᠰᠣᠭᠲᠣᠭᠤᠷᠠᠨ᠎ᠠ᠃ | ︽ᠣᠳᠣᠬᠠᠨ ᠳᠤ᠂ ᠭᠡᠭᠡᠨᠰᠦ᠋ᠮ᠎ᠠ ᠪᠠᠯᠭᠠᠰᠤᠨ ᠳᠤ ᠭᠤᠷᠪᠠᠨ ᠡᠷᠤᠭᠡ ᠠᠷᠠᠳ ᠤᠨ ᠣᠷᠣᠨ ᠰᠠᠭᠤᠴᠠ ᠪᠤᠢ᠂ | ᠡᠨᠡ ᠭᠤᠷᠪᠠᠨ ᠡᠷᠤᠭᠡ ᠶᠢᠨ ᠠᠷᠠᠳ ᠤᠨ ᠣᠷᠣᠨ ᠰᠠᠭᠤᠴᠠ ᠶᠢ ᠠᠮᠵᠢᠯᠲᠠ ᠲᠠᠢ ᠡᠵᠡᠩᠨᠡᠭᠰᠡᠨ ᠨᠢ | ᠵᠢᠭᠤᠯᠴᠢᠯᠠᠭᠰᠠᠳ ᠲᠤ ᠲᠠᠭᠠᠯᠠᠮᠵᠢᠲᠠᠢ ᠣᠷᠣᠰᠢᠨ ᠰᠠᠭᠤᠬᠤ ᠣᠷᠴᠢᠨ ᠲᠣᠭᠤᠷᠢᠨ ᠢ ᠬᠠᠩᠭᠠᠵᠤ ᠥᠭᠭᠦᠭᠰᠡᠨ ᠢᠶᠠᠷ | ᠪᠠᠷᠠᠬᠤ ᠦᠭᠡᠢ ᠪᠠᠰᠠ ᠲᠤᠰ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠴᠤ ᠲᠠᠶᠢᠴᠢᠯᠠᠵᠠᠢ᠃ ᠡᠨᠡ ᠵᠢᠯ᠂ | ᠪᠢᠳᠡ ᠪᠠᠰᠠ ︿ᠮᠢᠩᠭ᠎ᠠ ᠲᠦᠮᠡ ᠶᠢᠨ ᠢᠨᠵᠧᠨᠧᠷᠢᠩ﹀ ᠤᠨ ᠲᠥᠷᠥᠯ ᠵᠤᠶᠢᠯ ᠢ ᠢᠳᠡᠪᠬᠢᠲᠡᠶ ᠪᠠᠷ ᠭᠤᠶᠤᠴᠢᠯᠠᠵᠤ᠂ | ᠣᠲᠣ ᠶᠠᠭ ᠬᠤᠶᠠᠷ ᠰᠢᠨ᠎ᠡ ᠠᠷᠠᠳ ᠤᠨ ᠣᠷᠣᠨ ᠰᠠᠭᠤᠴᠠ ᠪᠠᠶᠢᠭᠤᠯᠵᠤ᠂ ᠪᠥᠬᠦ ᠪᠠᠯᠭᠠᠰᠤᠨ ᠤ ᠵᠢᠭᠤᠯᠴᠢᠯᠠᠯ ᠤᠨ | ᠤᠶᠢᠯᠡᠰ ᠤᠨ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠢᠭᠤᠯᠴᠢᠯᠠᠭᠴᠢᠳ ᠲᠤ ᠲᠠᠭᠠᠯᠠᠮᠵᠢᠲᠠᠶ | ᠣᠷᠣᠨ ᠰᠠᠭᠤᠴᠠ ᠶᠢ ᠡᠳ᠋ᠯᠡᠬᠦᠯᠬᠦ ᠶᠢᠨ ᠬᠠᠮᠲᠤ ᠪᠠᠰᠠ ᠭᠡᠭᠡᠨᠰᠦ᠋ᠮ᠎ᠠ ᠪᠠᠯᠭᠠᠰᠤᠨ ᠤ ᠥᠪᠡᠷᠮᠢᠴᠡ ᠷᠢᠳᠢ ᠰᠢᠳᠢ ᠶᠢ | ᠭᠦᠨᠵᠡᠭᠡᠶ ᠣᠶᠢᠯᠠᠭᠠᠭᠤᠯᠵᠤ ᠪᠠᠶᠢᠨ᠎ᠠ︾ ᠭᠡᠵᠦ ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ ᠰᠢᠤᠸᠠᠢ ᠬᠤᠸᠠ ᠹᠸᠢ ᠬᠡᠯᠡᠵᠡᠶ᠃ | ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤ ︽ᠰᠠᠨ ᠾᠧ ᠰᠢᠷᠠᠮᠠᠯ ᠢᠳᠡᠭᠡᠨ ᠤ ᠲᠠᠯᠠᠪᠠᠶ︾ ᠨᠢ | ᠲᠦᠢᠯ ᠤᠨ ᠬᠥᠷ ᠨᠠᠷᠭᠢᠶᠠᠨ ᠲᠠᠢ ᠪᠠᠶᠢᠵᠤ᠂ ᠭᠤᠷᠪᠠ ᠲᠠᠪᠤᠭᠤᠯᠠ ᠪᠠᠨ ᠨᠡᠶᠢᠯᠡᠨ ᠰᠢᠷᠡᠭᠡ ᠲᠣᠭᠤᠷᠢᠨ ᠰᠠᠭᠤᠵᠤ᠂ | ᠰᠡᠷᠢᠭᠦᠨ ᠫᠢᠸᠤ᠋ ᠠᠮᠲᠠᠯᠠᠨ᠂ ᠰᠢᠷᠠᠮᠠᠯ ᠢᠳᠡᠭᠡᠨ ᠰᠢᠷᠠᠵᠤ ᠢᠳᠡᠨ᠂ ᠨᠢᠭᠡ ᠡᠳᠦᠷ ᠤᠨ ᠶᠠᠳᠠᠷᠠᠯ ᠵᠦᠳᠡᠷᠡᠯ ᠨᠢ ᠶᠠᠭ | ᠯᠠ ᠰᠠᠯᠬᠢᠨ ᠤ ᠠᠶ᠎ᠠ ᠪᠠᠷ ᠥᠩᠭᠡᠷᠡᠨ ᠣᠳᠣᠭᠰᠠᠨ ᠰᠢᠭ᠋ ᠪᠠᠶᠢᠳᠠᠭ᠃ | ᠰᠠᠨ ᠾᠧ ᠰᠢᠷᠠᠮᠠᠯ ᠢᠳᠡᠭᠡᠨ ᠤ ᠲᠠᠯᠠᠪᠠᠶ ᠶᠢᠨ ᠬᠠᠷᠢᠭᠤᠴᠠᠯᠭᠠᠲᠠᠨ ᠵᠤ᠋ ᠢᠦᠶ ᠰᠢᠨ ᠰᠤᠷᠪᠤᠯᠵᠢᠯᠠᠭᠴᠢ ᠳᠤ | ᠬᠡᠯᠡᠬᠦ ᠳᠡᠭᠡᠨ᠄ ︽ᠮᠠᠨ ᠤ ︿ᠰᠠᠨ ᠾᠧ ᠰᠢᠷᠠᠮᠠᠯ ᠢᠳᠡᠭᠡᠨ ᠤ ᠲᠠᠯᠠᠪᠠᠶ﹀ ᠪᠣᠯ ᠭᠤᠤᠯᠳᠠᠭᠤ ᠰᠢᠷᠠᠮᠠᠯ ᠢᠳᠡᠭᠡᠨ | ᠰᠢᠷᠠᠵᠤ ᠢᠳᠡᠬᠦ ᠭᠠᠵᠠᠷ ᠪᠠ ᠲᠡᠯᠡᠶ ᠶᠢᠨ ᠢᠳᠡᠭᠡᠨ ᠤ ᠨᠣᠭᠤᠭ᠎ᠠ ᠪᠠᠷ ᠭᠤᠤᠯᠯᠠᠭᠤᠯᠵᠤ ᠪᠠᠶᠢᠳᠠᠭ᠂ ᠪᠠᠰᠠ ᠬᠡᠷ ᠤᠨ | ᠭᠠᠳᠠᠨᠠᠬᠢ ᠰᠢᠷᠠᠮᠠᠯ ᠢᠳᠡᠭᠡᠨ ᠤ ᠭᠠᠵᠠᠷ᠂ ᠥᠪᠡᠰᠦᠪᠡᠨ ᠤᠶᠢᠯᠡᠴᠢᠯᠡᠬᠦ ᠰᠢᠷᠠᠮᠠᠯ ᠢᠳᠡᠭᠡᠨ ᠤ ᠭᠠᠵᠠᠷ ᠪᠠᠶᠢᠳᠠᠭ᠂ | ᠡᠭᠦᠨ ᠤ ᠬᠠᠮᠳᠤ ᠪᠠᠰᠠ 200 ᠬᠥᠮᠦᠨ ᠤ ᠰᠢᠷᠠᠮᠠᠯ ᠢᠳᠡᠭᠡᠨ ᠢᠳᠡᠵᠤ ᠪᠤᠯᠤᠨ᠎ᠠ᠃ ᠮᠠᠨ ᠤ ︿ᠰᠠᠨ ᠾᠧ ᠰᠢᠷᠠᠮᠠᠯ | ᠢᠳᠡᠭᠡᠨ ᠤ ᠲᠠᠯᠠᠪᠠᠶ﹀ 6 ᠰᠠᠷ᠎ᠠ ᠶᠢᠨ 11 ᠤ ᠡᠳᠦᠷ ᠵᠢᠩᠬᠢᠨᠢ ᠪᠠᠷ ᠡᠵᠡᠩᠨᠡᠯᠳᠡ ᠬᠢᠵᠤ᠂ ᠡᠵᠡᠩᠨᠡᠭᠰᠡᠨ ᠲᠣᠰ | ᠡᠳᠦᠷ ᠲᠡᠭᠡᠨ ᠳᠠᠷᠤᠶ 100 ᠭᠠᠷᠤᠶ ᠬᠥᠮᠦᠨ ᠢ ᠭᠥᠯᠢᠶᠡᠨ ᠠᠪᠴᠠᠢ᠂ ᠬᠤᠶᠢᠰᠢᠳᠠ ᠪᠢᠳᠡ ᠨᠣᠭᠤᠭ᠎ᠠ ᠶᠢᠨ ᠵᠤᠶᠢᠯ ᠢ | ᠨᠠᠷᠢᠯᠢᠭ ᠣᠷᠣᠭᠤᠯᠵᠤ᠂ ᠤᠶᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ︾ ᠭᠡᠵᠡᠶ᠃ | ᠣᠶᠢᠷ᠎ᠠ ᠶᠢᠨ ᠵᠢᠯ ᠳᠤ᠂ ᠤᠯᠠᠭᠠᠨᠬᠤᠲᠠ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ | ᠢᠳᠡᠪᠬᠢᠲᠡᠶ ᠪᠠᠷ ᠠᠭᠤᠳᠠᠯᠵᠤ᠂ ᠣᠳᠣᠬᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠪᠡᠷᠮᠢᠴᠡ ᠣᠨᠴᠠᠯᠢᠭ᠂ | ᠠᠭᠠᠵᠢᠭᠤ ᠰᠡᠯᠡᠬᠦᠨ ᠠᠮᠢᠳᠤᠷᠠᠯ ᠤᠨ ᠠᠶᠢᠵᠠᠮ ᠤᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠲᠠᠢ ᠨᠢᠭᠲᠠ | ᠤᠶᠠᠯᠳᠤᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠤᠶᠢᠯᠡᠰ ᠤᠨ ᠬᠥᠭᠵᠢᠯᠲᠡ ᠶᠢ ᠪᠥᠬᠦ | ᠬᠤᠲᠠ ᠶᠢᠨ ᠵᠢᠭᠤᠯᠴᠢᠯᠠᠯ ᠤᠨ ᠠᠵᠤ ᠤᠶᠢᠯᠡᠰ ᠤᠨ ᠪᠠᠶᠢᠷᠢᠰᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ | ᠪᠣᠯᠭᠠᠵᠤ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ | ᠵᠢᠭᠤᠯᠴᠢᠯᠠᠭᠴᠢᠳ ᠲᠤ ᠨᠠᠩ ᠡᠯᠪᠡᠭ ᠪᠠᠶᠠᠯᠢᠭ᠂ ᠣᠯᠠᠨ ᠡᠰᠢᠲᠦ ᠵᠢᠭᠤᠯᠴᠢᠯᠠᠯ ᠤᠨ ᠣᠶᠢᠯᠠᠭᠠᠯᠲᠠ ᠬᠠᠩᠭᠠᠨ᠎ᠠ᠃ | |