ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ  ᠠᠶᠤᠯᠭᠦᠶ ᠤᠶᠢᠯᠡᠳᠪᠤᠷᠢᠯᠠᠯ ᠤᠨ ᠰᠡᠷᠡᠮᠵᠢᠯᠡᠭᠦᠯᠬᠦ ᠬᠥᠮᠦᠵᠢᠯ ᠬᠢᠵᠠᠢ
ᠨᠡᠶᠢᠲᠡᠯᠡᠭᠰᠡᠨ ᠴᠠᠭ᠄
2024/6/17
  ᠡᠨᠡ ᠵᠢᠯ ᠤᠨ 6 ᠳ᠋ᠤᠭᠠᠷ ᠰᠠᠷ᠎ᠠ ᠪᠣᠯ ᠪᠥᠬᠦ ᠤᠯᠤᠰ ᠤᠨ 23 ᠳᠠᠬᠢ ︽ᠠᠶᠤᠯᠭᠦᠶ ᠤᠶᠢᠯᠡᠳᠪᠤᠷᠢᠯᠠᠯ ᠤᠨ ᠰᠠᠷ᠎ᠠ︾ ᠪᠣᠯᠤᠨ᠎ᠠ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠪᠠᠶᠢᠴᠠᠭᠠᠨ ᠠᠷᠢᠯᠭᠠᠬᠤ ᠶᠢᠨ ᠲᠥᠯᠥᠭᠡ᠂ 6  ᠰᠠᠷ᠎ᠠ ᠶᠢᠨ 12 ᠤᠨ ᠡᠳᠦᠷ᠂ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠠᠶᠤᠯᠭᠦᠶ ᠤᠶᠢᠯᠡᠳᠪᠤᠷᠢᠯᠠᠯ ᠤᠨ ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠳ᠋ᠠᠶ ᠱᠧ ᠯᠧᠩ ᠣᠷᠣᠯᠴᠠᠵᠠᠶ᠃        ᠲᠤᠰ ᠤᠳᠠᠭᠠᠨ ᠤ ᠠᠵᠢᠯᠯᠠᠭ᠎ᠠ ᠳᠤ ︽ᠠᠮᠤᠷ ᠲᠦᠪᠰᠢᠨ ᠢ ᠪᠦᠬᠦᠳᠡᠭᠡᠷ ᠠᠩᠬᠠᠷᠴᠤ — ᡺ᠠᠮᠢ ᠨᠠᠰᠤᠨ ᠤ ᠵᠠᠮ ᠢ ᠰᠠᠭᠠᠳ ᠦᠭᠡᠶ ᠨᠡᠪᠲᠡᠷᠡᠭᠦᠯᠬᠦ︾ ᠭᠤᠣᠯ ᠰᠡᠳᠦᠪ ᠤᠨ ᠲᠣᠭᠤᠷᠢᠨ ᠳᠤ᠂ ᠯᠢ ᠳ᠋ᠦ᠋ ᠱᠦᠢ ᠠᠨ ᠭᠤᠷᠪᠠᠳᠤᠭᠠᠷ ᠬᠤᠭᠤᠴᠠᠭᠠᠨ ᠤ  ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠳᠠᠨ ᠪᠣᠯᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠬᠥᠮᠦᠰ ᠢ ᠵᠣᠬᠢᠶᠠᠨ ᠪᠠᠶᠢᠭᠤᠯᠵᠤ ︽ᠠᠶᠤᠯᠭᠦᠢ ᠦᠢᠯᠡᠳᠪᠦᠷᠢᠯᠡᠯ ᠤᠨ ᠡ᠊ᠨᠳᠡᠯ ᠤᠨ ᠰᠡᠷᠡᠮᠵᠢ ᠶᠢᠨ ᠹᠢᠯᠢᠮ︾ ᠢ ᠦᠵᠡᠭᠦᠯᠪᠡ᠃ ᠡᠭᠦᠨ ᠤ ᠬᠠᠮᠳᠤ ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ᠂ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠦᠷᠦ ᠶᠢᠨ ᠪᠤᠳᠤᠯᠭ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠵᠢᠴᠢ ᠠᠶᠤᠯ ᠠᠴᠠ ᠵᠠᠶᠢᠯᠠᠵᠤ ᠠᠮᠢ ᠵᠢᠭᠤᠲᠠᠬᠤ ᠤᠷ᠎ᠠ ᠴᠢᠳᠠᠪᠤᠷᠢ ᠶᠢ ᠲᠡᠭᠡᠭᠰᠢᠯᠡᠬᠦᠯᠬᠦ ᠵᠡᠷᠭᠡ ᠪᠦᠬᠦ ᠲᠠᠯ᠎ᠠ ᠪᠠᠷ ᠤᠬᠠᠭᠤᠯᠵᠠᠢ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号