ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠬᠤᠪᠢᠷᠠᠯᠳᠠ ᠲᠠᠢ ᠪᠤᠯᠪᠠ
ᠨᠡᠶᠢᠲᠡᠯᠡᠭᠰᠡᠨ ᠴᠠᠭ᠄
2024/6/17
     ᠡᠳ᠋ ᠤᠨ ᠵᠠᠰᠠᠭ ᠤᠨ ᠶᠠᠮᠤᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ 2024 ᠣᠨ ᠠᠴᠠ ᠡᠬᠢᠯᠡᠨ ᠮᠠᠨ ᠤ ᠤᠷᠤᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠠᠴᠠ ᠨᠢᠭᠡᠳᠦᠯᠲᠡᠢ ᠬᠤᠷᠢᠶᠠᠵᠤ ᠨᠢᠭᠡᠳᠦᠯᠲᠡᠢ ᠭᠠᠷᠭᠠᠬᠤ ᠶᠢ ᠪᠥᠬᠦ ᠳᠠᠯ᠎ᠠ ᠪᠠᠷ ᠪᠡᠶᠡᠯᠡᠬᠦᠯᠬᠦ ᠪᠤᠯᠤᠨ᠎ᠠ᠃     ᠣᠳᠣᠬᠠᠨ ᠳᠤ᠂ ᠰᠠᠭᠤᠷᠢ ᠮᠥᠩᠭᠦ ᠶᠢᠨ ᠲᠣᠰ ᠬᠤᠭᠤᠴᠠᠭᠠᠨ ᠤ ᠡᠯ᠎ᠡ ᠵᠦᠢᠯ ᠤᠨ ᠣᠷᠣᠯᠭ᠎ᠠ ᠶᠢ ᠪᠥᠬᠦ ᠲᠤᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠢ ᠲᠠᠩᠰᠠᠨ ᠡᠷᠦᠬᠡ ᠳᠤ ᠴᠤᠭᠯᠠᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠵᠡᠷᠭᠡ ᠰᠠᠭᠤᠷᠢ ᠮᠥᠩᠭᠦ ᠶᠢᠨ ᠵᠠᠷᠤᠯᠭ᠎ᠠ ᠶᠢ ᠥᠪᠡᠷᠲᠡᠭᠡᠨ ᠵᠠᠰᠠᠬᠤ ᠣᠷᠣᠨ  ᠠᠴᠠ ᠨᠢᠭᠡᠳᠦᠯᠲᠡᠢ ᠬᠢᠨᠠᠨ ᠲᠣᠭᠲᠠᠭᠠᠵᠤ᠂ ᠨᠢᠭᠡᠳᠦᠯᠲᠡᠢ ᠰᠠᠯᠭᠠᠨ ᠥᠭᠴᠦ᠂ ᠣᠷᠣᠯᠭ᠎ᠠ ᠵᠠᠷᠤᠯᠭ᠎ᠠ ᠶᠢ ᠬᠤᠶᠠᠷ ᠱᠤᠭᠤᠮ ᠢᠶᠠᠷ ᠪᠥᠬᠦ ᠲᠤᠭ᠎ᠠ ᠪᠠᠷ ᠲᠤᠰᠢᠶᠠᠵᠤ ᠥᠭᠬᠦ᠂ ᠨᠢᠭᠡᠳᠦᠯᠲᠡᠢ ᠬᠤᠷᠢᠶᠠᠵᠤ ᠨᠢᠭᠡᠳᠦᠯᠲᠡᠢ ᠭᠠᠷᠭᠠᠬᠤ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠠᠴᠠ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠪᠣᠯᠣᠨ ᠣᠯᠭᠤᠮᠵᠢ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠡᠯ᠎ᠡ ᠠᠶᠢᠮᠠᠭ ᠬᠤᠳᠠ  ᠲᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ᠂ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠪᠠ ᠰᠠᠭᠤᠷᠢ ᠮᠥᠩᠭᠦ ᠶᠢ ᠬᠠᠮᠢᠶᠠᠷᠬᠤ᠂ ᠣᠯᠭᠤᠮᠵᠢ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠣᠯᠭᠤᠬᠤ ᠵᠡᠷᠭᠡ ᠲᠠᠯ᠎ᠠ ᠶᠢᠨ ᠠᠵᠢᠯ ᠤᠨ ᠬᠠᠷᠢᠭᠤᠴᠠᠯᠭ᠎ᠠ ᠶᠢ ᠭᠦᠢᠴᠡᠳᠬᠡᠨ᠎ᠠ᠃    ᠣᠶᠢᠯᠠᠭᠠᠭᠰᠠᠨ ᠢᠶᠠᠷ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠭᠠᠷᠭᠠᠬᠤ ᠬᠠᠮᠢᠶᠠᠷᠤᠯᠲᠠ ᠲᠡᠶᠢᠰᠢ ᠬᠤᠪᠢᠷᠠᠭᠤᠯᠬᠤ ᠳᠤ ᠪᠥᠬᠦ ᠣᠷᠣᠨ ᠤ ᠨᠢᠭᠡᠳᠦᠯᠲᠡᠢ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠪᠠᠷ ᠭᠤᠣᠯ ᠪᠣᠯᠭᠠᠵᠤ᠂ ᠰᠠᠭᠤᠷᠢ ᠮᠥᠩᠭᠦ ᠶᠢᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠢᠭᠡᠳᠦᠯᠲᠡᠢ ᠣᠷᠣᠯᠭ᠎ᠠ ᠨᠢᠭᠡᠳᠦᠯᠲᠡᠢ ᠵᠠᠷᠤᠯᠭ᠎ᠠ ᠪᠠᠷ ᠰᠠᠭᠤᠷᠢ ᠪᠣᠯᠭᠠᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠷ ᠬᠢᠵᠠᠭᠠᠷᠯᠠᠯ ᠪᠣᠯᠭᠠᠵᠤ᠂ ᠰᠠᠭᠤᠷᠢ ᠮᠥᠩᠭᠦ ᠶᠢᠨ ᠲᠥᠰᠥᠪ ᠤᠨ ᠬᠠᠮᠢᠶᠠᠷᠤᠯᠲᠠ ᠪᠠᠷ ᠠᠷᠭ᠎ᠠ ᠪᠠᠷᠢᠯ ᠪᠣᠯᠭᠠᠨ᠂ ᠮᠡᠳᠡᠭᠡ ᠵᠠᠩᠭᠢ ᠶᠢᠨ ᠬᠠᠮᠢᠶᠠᠷᠤᠯᠲᠠ ᠪᠠ ᠭᠠᠷᠲᠠᠨ ᠭᠦᠢᠴᠡᠳᠬᠡᠬᠦ ᠬᠠᠮᠢᠶᠠᠷᠤᠯᠲᠠ ᠪᠠᠷ ᠲᠦᠰᠢᠭ ᠪᠣᠯᠭᠠᠬᠤ ᠶᠢ ᠪᠡᠶᠡᠯᠡᠭᠦᠯᠦᠨ᠎ᠡ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠡᠷᠬᠡ ᠲᠡᠭᠰᠢ᠂ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ ᠨᠢᠭᠡᠳᠦᠯᠲᠡᠢ ᠲᠥᠯᠥᠪᠯᠡᠬᠦ ᠬᠠᠮᠢᠶᠠᠷᠤᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠠᠭᠤᠷᠢ ᠮᠥᠩᠭᠦ ᠶᠢᠨ ᠤᠷᠳᠤ ᠬᠤᠭᠤᠴᠠᠭ᠎ᠠ ᠪᠠᠷ ᠲᠣᠭᠲᠠᠭᠤᠨ ᠪᠥᠭᠡᠳ ᠠᠮᠤᠷ ᠲᠦᠪᠰᠢᠨ ᠠᠵᠢᠯᠯᠠᠬᠤ ᠶᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ ᠃ 2024 ᠣᠨ ᠤ ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 4.43 ᠳ᠋ᠦᠩᠰᠢᠭᠤᠷ ᠲᠥᠭᠦᠷᠢᠭ᠂ ᠵᠠᠷᠤᠯᠭ᠎ᠠ 4.3 ᠳ᠋ᠦᠩᠰᠢᠭᠤᠷ ᠲᠥᠭᠦᠷᠢᠭ ᠪᠠᠶᠢᠵᠤ᠂ ᠪᠥᠬᠦ ᠣᠷᠣᠨ ᠤ 1.49 ᠲᠦᠮᠡᠨ ᠬᠥᠮᠥᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠣᠯᠭᠤᠮᠵᠢ ᠶᠢ ᠴᠠᠭ ᠲᠤᠬᠠᠢ ᠳᠤᠨᠢ ᠲᠤᠭ᠎ᠠ ᠶᠣᠰᠣᠭᠠᠷ ᠥᠭᠬᠦ ᠶᠢ ᠪᠡᠶᠡᠯᠡᠭᠦᠯᠪᠡ᠃          
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号