ᠬᠥᠳᠡᠭᠡ ᠲᠣᠰᠬᠤᠨ ᠤ ᠵᠢᠭᠤᠯᠴᠢᠯᠡᠯ ᠤᠨ ᠤᠶᠢᠯᠡᠰ ᠬᠦᠭᠵᠢᠶᠠᠨ ᠲᠠᠢ ᠪᠠᠶᠢᠭ᠎ᠠ ᠤᠯᠠᠭᠠᠨᠬᠤᠳᠠ
ᠨᠡᠶᠢᠲᠡᠯᠡᠭᠰᠡᠨ ᠴᠠᠭ᠄
2024/6/17
  ᠬᠥᠳᠡᠭᠡ ᠲᠣᠰᠬᠤᠨ ᠳᠤ ᠣᠴᠢᠵᠤ ᠬᠡᠭᠡᠷ᠎ᠡ ᠬᠤᠭᠤᠯᠠᠯᠠᠨ ᠰᠢᠷᠠᠮᠠᠯ ᠢᠳᠡᠭᠡᠨ ᠰᠢᠷᠠᠵᠤ᠂ ᠠᠷᠠᠳ ᠤᠨ ᠣᠷᠣᠨ ᠰᠠᠭᠤᠴᠠ ᠳᠤ ᠬᠤᠨᠣᠵᠤ ᠰᠡᠯᠡᠭᠦᠴᠡᠨ᠎ᠡ ᠁ ᠠᠭᠤᠷ ᠠᠮᠢᠰᠬᠤᠯ ᠲᠠᠰᠤᠷᠠᠯᠲᠠ ᠦᠭᠡᠢ ᠳᠡᠭᠡᠭᠰᠢᠯᠡᠬᠦ ᠶᠢ ᠲᠠᠭᠠᠯᠳᠤᠨ ᠂ ᠤᠯᠠᠭᠠᠨᠬᠤᠲᠠ ᠶᠢᠨ ᠤᠯᠠᠮ ᠠᠴᠠ ᠤᠯᠠᠮ ᠤᠯᠠᠨ ᠬᠤᠳᠠ ᠶᠢᠨ ᠠᠷᠠᠳ ᠬᠤᠳᠠ ᠶᠢᠨ ᠤᠶᠢᠮᠡᠭᠡᠨ ᠱᠤᠤᠬᠢᠶᠠᠨ ᠠᠴᠠ ᠵᠠᠶᠢᠳᠠᠬᠤ ᠶᠢ ᠰᠣᠩᠭᠤᠵᠤ᠂ ︽ᠬᠥᠳᠡᠭᠡ ᠲᠣᠰᠬᠤᠨ ᠢᠶᠠᠷ ᠵᠢᠭᠤᠯᠴᠢᠯᠠᠬᠤ︾ ᠠᠶᠠᠯᠠᠯ ᠢᠶᠠᠨ ᠡᠬᠢᠯᠡᠭᠦᠯᠵᠦ ᠬᠥᠳᠡᠭᠡ ᠲᠣᠰᠬᠤᠨ ᠤ ᠰᠡᠯᠡᠭᠦᠴᠡᠯ ᠤᠨ ᠰᠠᠶᠢᠬᠠᠨ ᠴᠠᠭ ᠢ ᠡᠳ᠋ᠯᠡᠨ᠎ᠡ᠃         ᠭᠡᠭᠡᠨᠰᠦ᠋ᠮ᠎ᠠ ᠪᠠᠯᠭᠠᠰᠤᠨ ᠤ ᠴᠠᠨ ᠰᠢ ᠶᠢᠨ ᠠᠷᠠᠳ ᠤᠨ ᠣᠷᠣᠨ ᠰᠠᠭᠤᠴᠠ ᠪᠠᠷ ᠬᠦᠷᠬᠦ ᠳᠤ᠂  ᠲᠡᠷᠡ ᠨᠢ ᠳᠥᠷᠪᠡᠨ ᠲᠠᠯ᠎ᠠ ᠪᠠᠷ ᠢᠶᠠᠨ ᠴᠡᠴᠡᠭ ᠡᠪᠡᠰᠦ ᠪᠠᠷ ᠬᠦᠷᠢᠶᠡᠯᠡᠭᠳᠡᠵᠦ᠂ ᠤᠷᠢᠬᠠᠨ ᠰᠠᠯᠬᠢ ᠰᠡᠩᠭᠢᠨᠡᠵᠦ᠂ ᠴᠡᠴᠡᠭ ᠤᠨ ᠦᠨᠦᠷ  ᠠᠩᠬᠢᠯᠤᠭᠠᠳ᠂ ᠨᠠᠮ ᠰᠡᠯᠡᠭᠦᠨ ᠶᠢᠷᠲᠢᠨᠴᠦ ᠶᠢᠨ ᠭᠠᠳᠠᠨᠠᠬᠢ ᠲᠤᠭᠤᠷ ᠤᠨ ᠬᠦᠷᠢᠶᠡᠯᠡᠩ ᠳᠤ ᠤᠷᠤᠭᠰᠠᠨ ᠮᠡᠳᠤ ᠰᠠᠨᠠᠭᠳᠠᠭᠤᠯᠤᠨ᠎ᠠ᠃  ᠵᠢᠭᠤᠯᠴᠢᠯᠠᠭᠴᠢ ᠸᠠᠩ ᠨᠠᠨ ᠵᠥᠭᠡᠯᠡᠨ ᠱᠠᠹᠠ ᠳᠡᠭᠡᠷ᠎ᠡ ᠲᠠᠪᠠᠳᠠᠶᠢᠬᠠᠨ ᠰᠠᠭᠤᠵᠤ᠂ ᠨᠣᠮ ᠤᠷᠪᠠᠭᠤᠯᠤᠨ᠂ ᠳᠣᠲᠣᠭᠠᠳᠤ ᠰᠡᠳᠬᠢᠯ ᠤᠨ ᠨᠠᠮ ᠰᠡᠯᠡᠭᠦᠨ ᠪᠠ ᠰᠠᠶᠢᠨ ᠰᠠᠶᠢᠬᠠᠨ ᠢ ᠡᠳ᠋ᠯᠡᠵᠦ᠂ ᠣᠯᠳᠠᠬᠤᠶ᠎ᠠ ᠪᠡᠷᠬᠡ ᠰᠡᠯᠡᠭᠦᠦ ᠴᠠᠭ ᠲᠤ ᠰᠣᠭᠲᠣᠭᠤᠷᠠᠨ᠎ᠠ᠃
    ︽ᠣᠳᠣᠬᠠᠨ ᠳᠤ᠂ ᠭᠡᠭᠡᠨᠰᠦ᠋ᠮ᠎ᠠ ᠪᠠᠯᠭᠠᠰᠤᠨ ᠳᠤ ᠭᠤᠷᠪᠠᠨ ᠡᠷᠤᠭᠡ ᠠᠷᠠᠳ ᠤᠨ ᠣᠷᠣᠨ ᠰᠠᠭᠤᠴᠠ ᠪᠤᠢ᠂  ᠡᠨᠡ ᠭᠤᠷᠪᠠᠨ ᠡᠷᠤᠭᠡ ᠶᠢᠨ ᠠᠷᠠᠳ ᠤᠨ ᠣᠷᠣᠨ ᠰᠠᠭᠤᠴᠠ ᠶᠢ ᠠᠮᠵᠢᠯᠲᠠ ᠲᠠᠢ  ᠡᠵᠡᠩᠨᠡᠭᠰᠡᠨ ᠨᠢ ᠵᠢᠭᠤᠯᠴᠢᠯᠠᠭᠰᠠᠳ ᠲᠤ ᠲᠠᠭᠠᠯᠠᠮᠵᠢᠲᠠᠢ ᠣᠷᠣᠰᠢᠨ ᠰᠠᠭᠤᠬᠤ ᠣᠷᠴᠢᠨ ᠲᠣᠭᠤᠷᠢᠨ ᠢ ᠬᠠᠩᠭᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠲᠤᠰ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠴᠤ ᠲᠠᠶᠢᠴᠢᠯᠠᠵᠠᠢ᠃ ᠡᠨᠡ ᠵᠢᠯ᠂ ᠪᠢᠳᠡ ᠪᠠᠰᠠ ︿ᠮᠢᠩᠭ᠎ᠠ ᠲᠦᠮᠡ ᠶᠢᠨ ᠢᠨᠵᠧᠨᠧᠷᠢᠩ﹀ ᠤᠨ ᠲᠥᠷᠥᠯ ᠵᠤᠶᠢᠯ ᠢ ᠢᠳᠡᠪᠬᠢᠲᠡᠶ ᠪᠠᠷ ᠭᠤᠶᠤᠴᠢᠯᠠᠵᠤ᠂ ᠣᠲᠣ ᠶᠠᠭ ᠬᠤᠶᠠᠷ ᠰᠢᠨ᠎ᠡ ᠠᠷᠠᠳ ᠤᠨ ᠣᠷᠣᠨ ᠰᠠᠭᠤᠴᠠ ᠪᠠᠶᠢᠭᠤᠯᠵᠤ᠂ ᠪᠥᠬᠦ ᠪᠠᠯᠭᠠᠰᠤᠨ ᠤ ᠵᠢᠭᠤᠯᠴᠢᠯᠠᠯ ᠤᠨ ᠤᠶᠢᠯᠡᠰ ᠤᠨ ᠪᠠᠶᠢᠳᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠢᠭᠤᠯᠴᠢᠯᠠᠭᠴᠢᠳ ᠲᠤ ᠲᠠᠭᠠᠯᠠᠮᠵᠢᠲᠠᠶ ᠣᠷᠣᠨ ᠰᠠᠭᠤᠴᠠ ᠶᠢ ᠡᠳ᠋ᠯᠡᠬᠦᠯᠬᠦ ᠶᠢᠨ ᠬᠠᠮᠲᠤ ᠪᠠᠰᠠ ᠭᠡᠭᠡᠨᠰᠦ᠋ᠮ᠎ᠠ ᠪᠠᠯᠭᠠᠰᠤᠨ ᠤ ᠥᠪᠡᠷᠮᠢᠴᠡ ᠷᠢᠳᠢ ᠰᠢᠳᠢ ᠶᠢ ᠭᠦᠨᠵᠡᠭᠡᠶ ᠣᠶᠢᠯᠠᠭᠠᠭᠤᠯᠵᠤ ᠪᠠᠶᠢᠨ᠎ᠠ︾ ᠭᠡᠵᠦ ᠤᠯᠠᠭᠠᠨᠬᠤᠲᠠ ᠶᠢᠨ ᠭᠡᠭᠡᠨᠰᠦ᠋ᠮ᠎ᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠰᠢᠤᠸᠠᠢ ᠬᠤᠸᠠ ᠹᠸᠢ ᠬᠡᠯᠡᠵᠡᠶ᠃
      ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤ ︽ᠰᠠᠨ ᠾᠧ ᠰᠢᠷᠠᠮᠠᠯ ᠢᠳᠡᠭᠡᠨ ᠤ ᠲᠠᠯᠠᠪᠠᠶ︾ ᠨᠢ  ᠲᠦᠢᠯ ᠤᠨ ᠬᠥᠷ ᠨᠠᠷᠭᠢᠶᠠᠨ ᠲᠠᠢ ᠪᠠᠶᠢᠵᠤ᠂ ᠭᠤᠷᠪᠠ ᠲᠠᠪᠤᠭᠤᠯᠠ ᠪᠠᠨ ᠨᠡᠶᠢᠯᠡᠨ ᠰᠢᠷᠡᠭᠡ ᠲᠣᠭᠤᠷᠢᠨ ᠰᠠᠭᠤᠵᠤ᠂ ᠰᠡᠷᠢᠭᠦᠨ ᠫᠢᠸᠤ᠋  ᠠᠮᠲᠠᠯᠠᠨ᠂ ᠰᠢᠷᠠᠮᠠᠯ ᠢᠳᠡᠭᠡᠨ ᠰᠢᠷᠠᠵᠤ ᠢᠳᠡᠨ᠂ ᠨᠢᠭᠡ ᠡᠳᠦᠷ ᠤᠨ ᠶᠠᠳᠠᠷᠠᠯ ᠵᠦᠳᠡᠷᠡᠯ ᠨᠢ ᠶᠠᠭ ᠯᠠ ᠰᠠᠯᠬᠢᠨ ᠤ ᠠᠶ᠎ᠠ ᠪᠠᠷ ᠥᠩᠭᠡᠷᠡᠨ ᠣᠳᠣᠭᠰᠠᠨ ᠰᠢᠭ᠋ ᠪᠠᠶᠢᠳᠠᠭ᠃  
  ᠰᠠᠨ ᠾᠧ ᠰᠢᠷᠠᠮᠠᠯ ᠢᠳᠡᠭᠡᠨ ᠤ ᠲᠠᠯᠠᠪᠠᠶ ᠶᠢᠨ ᠬᠠᠷᠢᠭᠤᠴᠠᠯᠭᠠᠲᠠᠨ ᠵᠤ᠋ ᠢᠦᠶ ᠰᠢᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠮᠠᠨ ᠤ ︿ᠰᠠᠨ ᠾᠧ ᠰᠢᠷᠠᠮᠠᠯ ᠢᠳᠡᠭᠡᠨ ᠤ ᠲᠠᠯᠠᠪᠠᠶ﹀ ᠪᠣᠯ ᠭᠤᠤᠯᠳᠠᠭᠤ ᠰᠢᠷᠠᠮᠠᠯ ᠢᠳᠡᠭᠡᠨ ᠰᠢᠷᠠᠵᠤ ᠢᠳᠡᠬᠦ ᠭᠠᠵᠠᠷ ᠪᠠ ᠲᠡᠯᠡᠶ ᠶᠢᠨ ᠢᠳᠡᠭᠡᠨ ᠤ ᠨᠣᠭᠤᠭ᠎ᠠ ᠪᠠᠷ ᠭᠤᠤᠯᠯᠠᠭᠤᠯᠵᠤ ᠪᠠᠶᠢᠳᠠᠭ᠂ ᠪᠠᠰᠠ ᠬᠡᠷ ᠤᠨ ᠭᠠᠳᠠᠨᠠᠬᠢ ᠰᠢᠷᠠᠮᠠᠯ ᠢᠳᠡᠭᠡᠨ ᠤ ᠭᠠᠵᠠᠷ᠂ ᠥᠪᠡᠰᠦᠪᠡᠨ ᠤᠶᠢᠯᠡᠴᠢᠯᠡᠬᠦ ᠰᠢᠷᠠᠮᠠᠯ ᠢᠳᠡᠭᠡᠨ ᠤ ᠭᠠᠵᠠᠷ ᠪᠠᠶᠢᠳᠠᠭ᠂ ᠡᠭᠦᠨ ᠤ ᠬᠠᠮᠳᠤ ᠪᠠᠰᠠ 200 ᠬᠥᠮᠦᠨ ᠤ  ᠰᠢᠷᠠᠮᠠᠯ ᠢᠳᠡᠭᠡᠨ ᠢᠳᠡᠵᠤ ᠪᠤᠯᠤᠨ᠎ᠠ᠃ ᠮᠠᠨ ᠤ ︿ᠰᠠᠨ ᠾᠧ ᠰᠢᠷᠠᠮᠠᠯ ᠢᠳᠡᠭᠡᠨ ᠤ ᠲᠠᠯᠠᠪᠠᠶ﹀ 6 ᠰᠠᠷ᠎ᠠ ᠶᠢᠨ 11 ᠤ ᠡᠳᠦᠷ ᠵᠢᠩᠬᠢᠨᠢ ᠪᠠᠷ ᠡᠵᠡᠩᠨᠡᠯᠳᠡ ᠬᠢᠵᠤ᠂  ᠡᠵᠡᠩᠨᠡᠭᠰᠡᠨ ᠲᠣᠰ ᠡᠳᠦᠷ ᠲᠡᠭᠡᠨ ᠳᠠᠷᠤᠶ 100 ᠭᠠᠷᠤᠶ ᠬᠥᠮᠦᠨ ᠢ ᠭᠥᠯᠢᠶᠡᠨ ᠠᠪᠴᠠᠢ᠂ ᠬᠤᠶᠢᠰᠢᠳᠠ ᠪᠢᠳᠡ ᠨᠣᠭᠤᠭ᠎ᠠ ᠶᠢᠨ ᠵᠤᠶᠢᠯ ᠢ ᠨᠠᠷᠢᠯᠢᠭ ᠣᠷᠣᠭᠤᠯᠵᠤ᠂  ᠤᠶᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠦᠨ᠎ᠡ︾ ᠭᠡᠵᠡᠶ᠃     ᠣᠶᠢᠷ᠎ᠠ ᠶᠢᠨ ᠵᠢᠯ ᠳᠤ᠂ ᠤᠯᠠᠭᠠᠨᠬᠤᠲᠠ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠢᠳᠡᠪᠬᠢᠲᠡᠶ ᠪᠠᠷ ᠠᠭᠤᠳᠠᠯᠵᠤ᠂ ᠣᠳᠣᠬᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠥᠪᠡᠷᠮᠢᠴᠡ ᠣᠨᠴᠠᠯᠢᠭ᠂ ᠠᠭᠠᠵᠢᠭᠤ ᠰᠡᠯᠡᠬᠦᠨ ᠠᠮᠢᠳᠤᠷᠠᠯ ᠤᠨ ᠠᠶᠢᠵᠠᠮ ᠤᠨ ᠬᠡᠷᠡᠭᠴᠡᠭᠡ ᠱᠠᠭᠠᠷᠳᠠᠯᠭ᠎ᠠ ᠶᠢᠨ ᠣᠨᠴᠠᠯᠢᠭ ᠲᠠᠢ ᠨᠢᠭᠲᠠ ᠤᠶᠠᠯᠳᠤᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠤᠶᠢᠯᠡᠰ ᠤᠨ ᠬᠥᠭᠵᠢᠯᠲᠡ ᠶᠢ ᠪᠥᠬᠦ ᠬᠤᠲᠠ ᠶᠢᠨ ᠵᠢᠭᠤᠯᠴᠢᠯᠠᠯ ᠤᠨ ᠠᠵᠤ ᠤᠶᠢᠯᠡᠰ ᠤᠨ ᠪᠠᠶᠢᠷᠢᠰᠢᠭᠤᠯᠤᠯᠲᠠ ᠶᠢᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠠᠬᠢᠭᠤᠯᠵᠤ᠂ ᠵᠢᠭᠤᠯᠴᠢᠯᠠᠭᠴᠢᠳ ᠲᠤ ᠨᠠᠩ ᠡᠯᠪᠡᠭ ᠪᠠᠶᠠᠯᠢᠭ᠂ ᠣᠯᠠᠨ ᠡᠰᠢᠲᠦ ᠵᠢᠭᠤᠯᠴᠢᠯᠠᠯ ᠤᠨ ᠣᠶᠢᠯᠠᠭᠠᠯᠲᠠ ᠬᠠᠩᠭᠠᠨ᠎ᠠ᠃    
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号