| ᠡᠨᠡ ᠵᠢᠯ ᠤᠨ 6 ᠳ᠋ᠤᠭᠠᠷ ᠰᠠᠷ᠎ᠠ ᠪᠣᠯ ᠪᠥᠬᠦ ᠤᠯᠤᠰ ᠤᠨ 23 ᠳᠠᠬᠢ ︽ᠠᠶᠤᠯᠭᠦᠶ ᠤᠶᠢᠯᠡᠳᠪᠤᠷᠢᠯᠠᠯ ᠤᠨ | ᠰᠠᠷ᠎ᠠ︾ ᠪᠣᠯᠤᠨ᠎ᠠ᠂ ᠪᠠᠷᠢᠯᠭ᠎ᠠ ᠶᠢᠨ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠪᠠᠶᠢᠴᠠᠭᠠᠨ | ᠠᠷᠢᠯᠭᠠᠬᠤ ᠶᠢᠨ ᠲᠥᠯᠥᠭᠡ᠂ 6 ᠰᠠᠷ᠎ᠠ ᠶᠢᠨ 12 ᠤᠨ ᠡᠳᠦᠷ᠂ ᠤᠯᠠᠭᠠᠨᠬᠤᠲᠠ ᠶᠢᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠠᠶᠤᠯᠭᠦᠶ ᠤᠶᠢᠯᠡᠳᠪᠤᠷᠢᠯᠠᠯ ᠤᠨ | ᠰᠡᠷᠡᠮᠵᠢᠯᠡᠭᠦᠯᠬᠦ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ ᠤᠯᠠᠭᠠᠨᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠳ᠋ᠠᠶ ᠱᠧ ᠯᠧᠩ ᠣᠷᠣᠯᠴᠠᠵᠠᠶ᠃ | | | | ᠲᠤᠰ ᠤᠳᠠᠭᠠᠨ ᠤ ᠠᠵᠢᠯᠯᠠᠭ᠎ᠠ ᠳᠤ ︽ᠠᠮᠤᠷ ᠲᠦᠪᠰᠢᠨ ᠢ ᠪᠦᠬᠦᠳᠡᠭᠡᠷ ᠠᠩᠬᠠᠷᠴᠤ — ᠠᠮᠢ | ᠨᠠᠰᠤᠨ ᠤ ᠵᠠᠮ ᠢ ᠰᠠᠭᠠᠳ ᠦᠭᠡᠶ ᠨᠡᠪᠲᠡᠷᠡᠭᠦᠯᠬᠦ︾ ᠭᠤᠣᠯ ᠰᠡᠳᠦᠪ ᠤᠨ ᠲᠣᠭᠤᠷᠢᠨ ᠳᠤ᠂ ᠯᠢ ᠳ᠋ᠦ᠋ ᠱᠦᠢ ᠠᠨ | ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠠᠵᠢᠯᠳᠠᠨ ᠪᠣᠯᠤᠨ ᠡᠮᠦᠨ᠎ᠡ ᠹᠷᠣᠨᠲ ᠲᠤ ᠠᠵᠢᠯᠯᠠᠵᠤ ᠪᠠᠶᠢᠭ᠎ᠠ ᠬᠥᠮᠦᠰ ᠢ ᠵᠣᠬᠢᠶᠠᠨ ᠪᠠᠶᠢᠭᠤᠯᠵᠤ | ︽ᠠᠶᠤᠯᠭᠦᠢ ᠦᠢᠯᠡᠳᠪᠦᠷᠢᠯᠡᠯ ᠤᠨ ᠡ᠊ᠨᠳᠡᠯ ᠤᠨ ᠰᠡᠷᠡᠮᠵᠢ ᠶᠢᠨ ᠹᠢᠯᠢᠮ︾ ᠢ ᠦᠵᠡᠭᠦᠯᠪᠡ᠃ ᠡᠭᠦᠨ ᠤ ᠬᠠᠮᠳᠤ | ᠠᠶᠤᠯᠭᠦᠢ ᠦᠢᠯᠡᠳᠪᠦᠷᠢᠯᠡᠯ ᠤᠨ ᠣᠶᠢᠯᠠᠭᠠᠭᠳᠠᠬᠤᠨ᠂ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠦᠷᠦ ᠶᠢᠨ | ᠪᠤᠳᠤᠯᠭ᠎ᠠ᠂ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠵᠢᠴᠢ ᠠᠶᠤᠯ ᠠᠴᠠ | ᠵᠠᠶᠢᠯᠠᠵᠤ ᠠᠮᠢ ᠵᠢᠭᠤᠲᠠᠬᠤ ᠤᠷ᠎ᠠ ᠴᠢᠳᠠᠪᠤᠷᠢ ᠶᠢ ᠲᠡᠭᠡᠭᠰᠢᠯᠡᠬᠦᠯᠬᠦ ᠵᠡᠷᠭᠡ ᠪᠦᠬᠦ ᠲᠠᠯ᠎ᠠ ᠪᠠᠷ ᠤᠬᠠᠭᠤᠯᠵᠠᠢ᠃ | | |