︽ᠦᠨᠡᠨ︾ ᠰᠡᠳᠭᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠶ᠎ᠡ
ᠨᠡᠶᠢᠲᠡᠯᠡᠭᠰᠡᠨ ᠴᠠᠭ᠄
2024/6/17
     ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 15 ᠤ ᠴᠠᠭᠢᠯᠭᠠᠨ ᠮᠡᠳᠡᠭᠡ 6 ᠰᠠᠷ᠎ᠠ ᠶᠢᠨ 16 ᠤ ᠡᠳᠦᠷ ᠬᠡᠪᠯᠡᠭᠳᠡᠬᠦ 12 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠦᠶ᠎ᠡ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2017 ᠣᠨ ᠤ 10 ᠰᠠᠷ᠎ᠠ ᠠᠴᠠ 2024 ᠣᠨ ᠤ 3 ᠰᠠᠷ᠎ᠠ ᠪᠤᠯᠲᠠᠯᠠᠭᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠬᠡᠰᠡᠭᠯᠡᠯ ᠪᠣᠯᠣᠨ᠎ᠠ᠃    ᠵᠣᠬᠢᠶᠠᠯ ᠳᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠣᠨᠴᠠᠯᠢᠭ ᠪᠣᠯ ᠳᠠᠷᠤᠢ ᠮᠢᠨᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ᠴᠢᠬᠤᠯᠠᠴᠢᠯᠠᠭᠰᠠᠨ᠂ ᠮᠠᠨ ᠤ ᠤᠯᠤᠰ ᠤᠨ ᠠᠵᠤ ᠠᠬᠤᠢ ᠨᠢᠭᠡᠨᠲᠡ ᠲᠦᠷᠭᠡᠨ ᠨᠡᠮᠡᠭᠳᠡᠯ ᠤᠨ ᠱᠠᠲᠤᠨ ᠠᠴᠠ ᠴᠢᠨᠠᠷ ᠰᠠᠶᠢᠲᠠᠢ ᠬᠥᠭᠵᠢᠯᠲᠡ ᠶᠢᠨ ᠱᠠᠲᠤᠨ ᠳᠤ ᠰᠢᠯᠵᠢᠭᠰᠡᠨ ᠶᠠᠪᠤᠳᠠᠯ ᠪᠣᠯᠣᠨ᠎ᠠ᠃ ᠴᠢᠨᠠᠷ ᠰᠠᠶᠢᠲᠠᠢ ᠬᠥᠭᠵᠢᠯᠲᠡ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠴᠢᠨᠠᠭᠰᠢᠯᠠᠪᠠᠯ ᠨᠠᠩ ᠤᠷᠲᠤ ᠬᠤᠭᠤᠴᠠᠭᠠᠨ ᠤ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠰᠡᠳᠦᠪ ᠮᠥᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠡᠷᠢᠭᠦᠨ ᠴᠢᠬᠤᠯᠠ ᠡᠭᠦᠷᠭᠡ ᠮᠥᠨ᠃ ᠪᠣᠳᠠᠰ ᠤᠨ ᠪᠠ ᠮᠡᠷᠭᠡᠵᠢᠯ ᠤᠨ ᠪᠠᠲᠤ ᠪᠠᠬᠢ ᠰᠠᠭᠤᠷᠢ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ ᠦᠭᠡᠢ ᠶᠤᠮ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠰᠢᠨ᠎ᠡ ᠠᠶᠠᠨ ᠳᠤ ᠪᠢᠳᠡ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠴᠢᠨᠠᠷ ᠰᠠᠶᠢᠲᠠᠢ ᠬᠥᠭᠵᠢᠯᠲᠡ ᠪᠣᠯ ᠳᠠᠷᠤᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠰᠠᠶᠢᠲᠤᠷ ᠬᠠᠩᠭᠠᠵᠤ ᠴᠢᠳᠠᠬᠤ ᠬᠥᠭᠵᠢᠯᠲᠡ ᠮᠥᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠢᠯᠡᠷᠡᠭᠦᠯᠦᠭᠰᠡᠨ ᠬᠥᠭᠵᠢᠯᠲᠡ ᠮᠥᠨ᠂ ᠰᠢᠨ᠎ᠡ ᠶᠢ ᠡᠭᠦᠳᠬᠦ ᠪᠠᠷ ᠨᠢᠭᠡᠳᠦᠭᠡᠷ ᠬᠥᠳᠡᠯᠭᠡᠬᠦ ᠬᠦᠴᠦᠨ ᠪᠤᠯᠭᠠᠬᠤ᠂ ᠵᠣᠬᠢᠴᠠᠩᠭᠤᠢ ᠪᠠᠷ ᠳᠣᠲᠣᠭᠠᠳᠤ ᠣᠨᠴᠠᠯᠢᠭ ᠪᠤᠯᠭᠠᠬᠤ᠂ ᠪᠣᠬᠢᠷᠳᠤᠯ ᠦᠭᠡᠢ ᠪᠠᠷ ᠨᠡᠶᠢᠳᠡᠮ ᠤᠨ ᠭᠡᠯᠪᠡᠷᠢ ᠪᠤᠯᠭᠠᠬᠤ᠂ ᠨᠡᠭᠡᠭᠡᠯᠲᠡ ᠪᠠᠷ ᠵᠠᠶᠢᠯᠠᠰᠢ ᠦᠭᠡᠢ ᠶᠠᠪᠤᠬᠤ ᠵᠠᠮ ᠪᠤᠯᠭᠠᠬᠤ᠂ ᠬᠠᠮᠲᠤ ᠪᠠᠷ ᠡᠳ᠋ᠯᠡᠬᠦ ᠪᠠᠷ ᠦᠨᠳᠦᠰᠦᠨ ᠵᠣᠷᠢᠯᠭ᠎ᠠ ᠪᠤᠯᠭᠠᠬᠤ ᠬᠥᠭᠵᠢᠯᠲᠡ ᠮᠥᠨ᠃ ᠨᠠᠩ ᠲᠣᠳᠣᠷᠠᠭᠤᠯᠤᠨ ᠬᠡᠯᠡᠪᠡᠯ᠂ ᠴᠢᠨᠠᠷ ᠰᠠᠶᠢᠲᠠᠢ ᠬᠥᠭᠵᠢᠯᠲᠡ ᠪᠣᠯ ᠳᠠᠷᠤᠢ ︽ᠪᠠᠶᠢᠬᠤ ᠡᠰᠡᠬᠦ︾ ᠠᠴᠠ ︽ᠰᠠᠶᠢᠨ ᠡᠰᠡᠬᠦ︾ ᠲᠡᠶᠢᠰᠢ ᠰᠢᠯᠵᠢᠭᠦ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠶᠢᠯᠠᠰᠢ ᠦᠭᠡᠢ ᠵᠠᠮᠨᠠᠬᠤ ᠵᠠᠮ ᠮᠥᠨ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠰᠠᠭᠤᠷᠢ ᠪᠣᠯᠣᠨ᠎ᠠ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠪᠣᠯᠣᠨ᠎ᠠ᠃ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠬᠤ ᠶᠢ ᠤᠳᠤᠷᠢᠳᠬᠤ ᠺᠠᠳ᠋ᠷ ᠤᠨ ᠵᠠᠰᠠᠭ ᠤᠨ ᠠᠵᠢᠯ ᠤᠨ ᠪᠦᠲᠦᠮᠵᠢ ᠶᠢᠨ ᠦᠵᠡᠯᠲᠡ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ᠃ ᠡᠯ᠎ᠡ ᠭᠠᠵᠠᠷ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠳᠤᠲᠠᠭᠳᠠᠯ ᠲᠠᠢ ᠲᠠᠯ᠎ᠠ ᠪᠠᠨ ᠨᠥᠬᠦᠪᠦᠷᠢᠯᠡᠵᠦ᠂ ᠲᠣᠰ ᠭᠠᠵᠠᠷ ᠣᠷᠣᠨ ᠤ ᠪᠠᠨ ᠪᠣᠳᠠᠲᠤ ᠪᠠᠶᠢᠳᠠᠯ ᠳᠤ ᠵᠣᠬᠢᠴᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠪᠢᠳᠡ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠪᠤᠯᠬᠤ ᠶᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠯᠭᠠᠨ ᠬᠢᠨᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠦᠪᠡᠭᠴᠢᠯᠡᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠦᠷᠭᠦᠯᠵᠢᠯᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠤᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号