ᠮᠠᠨ ᠤ ᠤᠷᠤᠨ ᠤ ᠭᠤᠷᠪᠠᠨ ᠰᠠᠯᠠᠭ᠎ᠠ ᠮᠦᠴᠢᠷ ᠬᠠᠮᠳᠤᠷᠠᠨ ︽ᠬᠤᠶᠠᠷ ᠲᠤ ᠴᠤᠬᠢᠯᠳᠠ ᠦᠭᠬᠦ︾ ᠲᠤᠰᠬᠠᠢ ᠠᠵᠢᠯᠯᠠᠭ᠎ᠠ ᠶᠢ ᠲᠠᠶᠢᠴᠢᠯᠠᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/19
     ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠤᠷᠴᠢᠨ ᠲᠤᠭᠤᠷᠢᠨ ᠤ ᠬᠠᠤᠯᠢ ᠠᠴᠠ ᠵᠦᠷᠢᠴᠡᠨ ᠠᠶᠤᠯᠳᠠᠢ ᠬᠠᠶᠠᠬᠳᠠᠮᠠᠯ ᠪᠤᠳᠠᠰ ᠢ ᠰᠶᠢᠳᠪᠦᠷᠢᠯᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠤᠨ ᠢᠷᠡᠯᠲᠡ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠤᠳᠠᠯ ᠬᠠᠭᠤᠷᠮᠠᠭᠯᠠᠨ ᠵᠣᠬᠢᠶᠠᠬᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢ ᠪᠥᠬᠦ ᠬᠦᠴᠦᠨ ᠢᠶᠠᠷ ᠠᠬᠢᠭᠤᠯᠤᠨ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠠᠷᠠᠳ ᠤᠨ ᠪᠠᠶᠢᠴᠠᠭᠠᠬᠤ ᠬᠤᠷᠢᠶ᠎ᠠ ᠪᠠ ᠳᠣᠲᠣᠭᠠᠳᠤ ᠶᠢ ᠬᠠᠮᠠᠭᠠᠯᠠᠬᠤ ᠲᠢᠩᠬᠢᠮ ᠣᠶᠢᠷ᠎ᠠ ᠳᠤ ᠪᠥᠬᠦ ᠣᠷᠣᠨ ᠤ ᠤᠷᠴᠢᠨ ᠲᠤᠭᠤᠷᠢᠨ ᠤ ᠬᠠᠤᠯᠢ ᠠᠴᠠ ᠵᠦᠷᠢᠴᠡᠨ ᠠᠶᠤᠯᠳᠠᠢ ᠬᠠᠶᠠᠬᠳᠠᠮᠠᠯ ᠪᠤᠳᠠᠰ ᠢ ᠰᠶᠢᠳᠪᠦᠷᠢᠯᠡᠭᠰᠡᠨ ᠶᠠᠯᠠᠲᠤ ᠠᠵᠢᠯᠯᠠᠭ᠎ᠠ ᠪᠠ ᠪᠣᠬᠢᠷᠲᠤᠯ ᠤᠨ ᠡᠬᠢ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠠᠭᠤᠷᠮᠠᠭᠯᠠᠨ ᠵᠣᠬᠢᠶᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ︵ᠳᠣᠷᠣᠭᠰᠢ ︽ᠬᠤᠶᠠᠷ ᠲᠤ ᠴᠣᠬᠢᠯᠲᠠ ᠥᠭᠬᠦ︾ ᠭᠡᠵᠦ ᠲᠣᠪᠴᠢᠯᠠᠨ᠎ᠠ︶ ᠳᠤ ᠴᠢᠩᠭ᠎ᠠ ᠴᠣᠬᠢᠯᠲᠠ ᠥᠭᠬᠦ ᠲᠤᠰᠬᠠᠶ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠬᠤ ᠶᠢᠨ ᠬᠠᠮᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠬᠢᠯᠡᠪᠡ      2024 ᠣᠨ ᠪᠣᠯ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠢᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠨᠢᠭᠡ ᠵᠢᠯ ᠪᠣᠯᠤᠨ᠎ᠠ᠃ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ᠂ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠲᠤᠷᠰᠢᠯᠭ᠎ᠠ ᠪᠠᠨ ᠨᠠᠷᠢᠨ ᠬᠢᠨᠠᠮᠠᠭᠠᠶ ᠳ᠋ᠦᠩᠨᠡᠵᠦ᠂ ︽ᠬᠤᠶᠠᠷ ᠲᠤ ᠴᠣᠬᠢᠯᠲᠠ ᠥᠭᠬᠦ︾ ᠲᠤᠰᠬᠠᠶ ᠠᠵᠢᠯᠯᠠᠭ᠎ᠠ ᠳᠤᠮᠳᠠ ᠣᠷᠣᠰᠢᠵᠤ ᠪᠠᠶᠢᠭ᠎ᠠ ᠮᠡᠷᠭᠡᠵᠢᠯ ᠤᠨ ᠬᠦᠴᠢᠷᠳᠡᠯ᠂ ᠲᠣᠨᠣᠭᠯᠠᠯ ᠤᠨ ᠳᠤᠲᠠᠭᠤᠳᠠᠯ ᠪᠣᠯᠤᠨ ᠬᠢᠨᠠᠯᠲᠠ ᠬᠠᠮᠢᠶᠠᠷᠤᠯᠲᠠ ᠶᠢᠨ ᠪᠠᠭᠤᠷᠠᠶ ᠭᠤᠭᠴᠤᠭ᠎ᠠ ᠶᠢ ᠰᠢᠪᠲᠤᠯᠤᠨ᠂ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢ ᠣᠨᠣᠪᠴᠢᠲᠠᠶ ᠡᠵᠡᠮᠳᠡᠵᠦ᠂ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠴᠢᠯᠥᠭᠡᠲᠡᠶ ᠲᠠᠰᠤᠯᠤᠯᠲᠠ ᠶᠢᠨ ᠡᠷᠬᠡ ᠶᠢ ᠵᠢᠷᠤᠮᠵᠢᠭᠤᠯᠤᠨ᠂ ᠬᠠᠤᠯᠢ ᠠᠴᠠ ᠵᠥᠷᠢᠴᠡᠭᠰᠡᠨ ᠬᠥᠩᠭᠡᠪᠲᠦᠷ ᠠᠵᠢᠯᠯᠠᠭ᠎ᠠ ᠳᠤ ᠬᠠᠤᠯᠢ ᠶᠣᠰᠣᠭᠠᠷ ᠬᠠᠰᠤᠵᠤ ᠬᠡᠯᠲᠦᠷᠢᠭᠦᠯᠬᠦ ᠰᠢᠢᠳᠭᠡᠯ ᠦᠭᠬᠦᠨ᠎ᠡ᠃ ᠡᠭᠦᠨ ᠤ ᠬᠠᠮᠲᠤ᠂ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠨ᠂ ᠬᠦᠴᠦ ᠪᠠᠨ ᠬᠠᠮᠲᠤᠳᠬᠠᠨ᠂ ᠢᠵᠢᠯᠢ ᠠᠯᠬᠤᠮ ᠢᠶᠠᠷ ᠤᠷᠤᠭᠰᠢᠯᠠᠵᠤ᠂ ᠪᠦᠬᠦ ᠣᠷᠣᠨ ᠤ ︽ᠬᠤᠶᠠᠷ ᠲᠤ ᠴᠣᠬᠢᠯᠲᠠ ᠥᠭᠬᠦ︾ ᠠᠵᠢᠯ ᠢ ᠴᠢᠷᠮᠠᠶᠢᠨ ᠰᠠᠶᠢᠲᠤᠷ ᠬᠢᠵᠦ ᠰᠢᠯᠢᠳᠡᠭᠵᠢᠭᠦᠯᠦᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠲᠤᠰ ᠤᠳᠠᠭ᠎ᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠨᠢ ᠪᠣᠳᠠᠲᠤ ᠪᠠᠶᠢᠯᠳᠤᠭᠠᠨ ᠤ ᠪᠣᠳᠠᠲᠤ ᠦᠷ᠎ᠡ ᠪᠦᠲᠦᠮᠵᠢ ᠲᠠᠢ ᠨᠢᠭᠲᠠ ᠤᠶᠠᠯᠳᠤᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠬᠡᠷᠡᠭᠵᠢᠭᠦᠯᠬᠦ ᠴᠢᠨᠠᠷ ᠪᠠ ᠬᠡᠷᠡᠭᠯᠡᠭᠡᠨ ᠤ ᠴᠢᠨᠠᠷ ᠲᠠᠢ ᠪᠠᠶᠢᠵᠤ᠂ ᠭᠤᠷᠪᠠᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠴᠢᠳᠠᠪᠤᠷᠢ ᠢᠢᠨ ᠲᠦᠪᠰᠢᠨ ᠢ ᠤᠯᠠᠮ ᠳᠡᠭᠡᠭᠰᠢᠯᠡᠭᠦᠯᠤᠨ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠪᠡ᠃
 
ᠢᠷᠡᠯᠲᠡ᠄ ᠦᠪᠤᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号