ᠤᠯᠠᠭᠠᠨᠬᠠᠳᠠ ᠪᠠᠯᠭᠠᠰᠤᠨ ᠤ ᠲᠤᠯᠠᠭᠠᠨ ᠬᠦᠯᠡᠮᠵᠢ ᠳᠠᠬᠢ ᠲᠠᠷᠪᠤᠰ ᠪᠤᠯᠪᠠᠰᠤᠷᠠᠯ᠎ᠠ
ᠨᠡᠶᠢᠲᠡᠯᠡᠭᠰᠡᠨ ᠴᠠᠭ᠄
2024/6/19
    ᠵᠤᠨ ᠤ ᠰᠠᠶᠢᠬᠠᠨ ᠤᠯᠠᠷᠢᠯ ᠪᠤᠯᠬᠤ ᠳᠤ᠂  ᠬᠢᠩᠭᠠᠨ ᠠᠶᠢᠮᠠᠭ ᠤᠨ ᠤᠯᠠᠭᠠᠨᠬᠤᠳᠠ ᠶᠢᠨ ᠤᠯᠠᠭᠠᠨᠬᠠᠳᠠ ᠪᠠᠯᠭᠠᠰᠤᠨ ᠤ ᠭᠤᠤ ᠶᠢᠨ ᠠᠶᠢᠯ ᠭᠠᠴᠠᠭ᠎ᠠ ᠶᠢᠨ ᠦᠨᠳᠤᠷ ᠪᠠᠷᠢᠮᠵᠢᠶᠠᠳᠤ ᠲᠦᠬᠦᠭᠡᠷᠤᠮᠵᠢᠳᠤ ᠲᠠᠷᠢᠶᠠᠯᠠᠩ ᠤᠨ ᠬᠦᠷᠢᠶᠡᠯᠡᠩ ᠤᠨ ᠲᠤᠯᠠᠭᠠᠨ ᠬᠦᠯᠡᠮᠵᠢ   ᠳᠠᠬᠢ ᠲᠠᠷᠪᠤᠰ ᠵᠡᠯ᠎ᠡ ᠠᠴᠠ ᠪᠠᠨ ᠲᠡᠬᠦᠵᠢᠯᠡᠭᠳᠡᠨ ᠪᠤᠯᠪᠠᠰᠤᠷᠠᠵᠤ ᠡᠬᠢᠯᠡᠯ᠎ᠠ᠃ ᠬᠠᠭᠠᠯᠤᠭᠰᠠᠨ ᠲᠠᠷᠪᠤᠰ ᠤᠨ ᠠᠮᠳᠠᠳᠤ ᠦᠨᠤᠷ ᠨᠢ ᠬᠦᠮᠤᠰ ᠤᠨ ᠰᠢᠯᠤᠰᠤ ᠶᠢ ᠬᠤᠷᠠᠭᠤᠯᠵᠤ ᠠᠮᠳᠠᠯᠠᠵᠤ ᠦᠵᠡᠬᠦ ᠶᠤᠮᠰᠠᠨ ᠭᠡᠬᠦ ᠪᠤᠳᠤᠯ ᠲᠦᠷᠦᠭᠳᠡᠬᠦᠯᠤᠨ᠎ᠠ᠃ ᠤᠶᠢᠯᠠᠭᠠᠭᠰᠠᠨ ᠢᠶᠠᠷ᠂ ᠲᠤᠰ ᠬᠦᠷᠢᠶᠡᠯᠡᠩ ᠨᠢ ᠲᠠᠷᠪᠤᠰ ᠢᠶᠠᠨ ᠵᠠᠬᠢᠶᠠᠯᠠᠭ᠎ᠠ ᠶᠢᠨ ᠬᠡᠯᠪᠡᠷᠢ ᠪᠠᠷ ᠬᠤᠳᠠ ᠶᠢᠨ ᠴᠢᠯᠦᠭᠡᠳᠤ ᠲᠡᠯᠭᠡᠬᠦᠷ ᠲᠤ ᠬᠠᠩᠭᠠᠵᠤ ᠪᠠᠶᠢᠨ᠎ᠠ᠃  
                                           ᠪᠤᠶᠠᠨᠳᠡᠯᠭᠡᠷ ᠰᠡᠬᠦᠳᠡᠷᠯᠡᠨ ᠮᠡᠳᠡᠭᠡᠯᠡᠪᠡ  
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号