ᠦᠰᠦᠭ ᠪᠢᠴᠢᠭ ᠢᠶᠠᠷ ᠦᠬᠦᠯᠡᠬᠦᠢ᠄ ᠤᠯᠠᠭᠠᠨᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠦᠭᠵᠢᠬᠦᠯᠦᠯᠳᠡ ᠶᠢᠨ ᠲᠥᠯᠥᠪᠵᠢᠭᠦᠯᠭᠡ
ᠨᠡᠶᠢᠲᠡᠯᠡᠭᠰᠡᠨ ᠴᠠᠭ᠄
2024/6/19
  ᠨᠢᠭᠡ᠂ ᠣᠷᠣᠨ ᠲᠤᠭ᠎ᠠ ᠶᠢᠨ ᠵᠣᠷᠢᠯᠭ᠎ᠠ  ᠲᠣᠰ ᠲᠥᠯᠥᠪᠵᠢᠭᠦᠯᠭᠡ ᠳᠤ ᠤᠯᠠᠭᠠᠨᠬᠤᠲᠠ ᠶᠢᠨ ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠠᠬᠢ ᠣᠶ ᠰᠢᠭᠤᠶ ᠨᠤᠳᠤᠭ ᠪᠡᠯᠴᠢᠭᠡᠷ ᠤᠨ ᠬᠥᠭᠵᠢᠯᠲᠡ ᠶᠢᠨ ᠣᠯᠤᠭᠰᠠᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠭᠰᠡᠨ ᠰᠠᠭᠤᠷᠢᠨ ᠳᠡᠭᠡᠷ᠎ᠡ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢᠨ ᠬᠤᠭᠤᠴᠠᠭᠠᠨ ᠳᠠᠬᠢ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠭᠦᠢᠴᠡᠳ ᠰᠤᠳᠤᠯᠤᠨ ᠮᠠᠭᠠᠳᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢᠨ ᠬᠤᠭᠤᠴᠠᠭᠠᠨ ᠳᠠᠬᠢ ᠣᠶ ᠰᠢᠭᠤᠶ ᠨᠤᠳᠤᠭ ᠪᠡᠯᠴᠢᠭᠡᠷ ᠤᠨ ᠬᠥᠭᠵᠢᠯᠲᠡ ᠶᠢᠨ ᠶᠡᠷᠦᠩᠬᠡᠶ ᠬᠠᠷᠠᠯᠲᠠ ᠶᠢ ᠳᠤᠷᠠᠳᠤᠨ ᠭᠠᠷᠭᠠᠪᠠ᠃ ᠣᠶ ᠰᠢᠭᠤᠶ ᠨᠤᠳᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠲᠤᠳᠤᠷᠬᠠᠢ ᠴᠢᠩᠭᠠᠳᠬᠠᠵᠤ᠂ ᠴᠢᠨᠠᠷ ᠰᠠᠶᠢᠲᠠᠶ ᠣᠶ ᠰᠢᠭᠤᠶ ᠨᠤᠳᠤᠭ ᠪᠡᠯᠴᠢᠭᠡᠷ ᠤᠨ ᠬᠥᠭᠵᠢᠯᠲᠡ ᠶᠢᠨ ᠰᠢᠰᠲ᠋ᠧᠮ ᠢ ᠪᠠᠶᠢᠭᠤᠯᠵᠤ᠂ ᠤᠢ ᠰᠢᠭᠤᠶ ᠨᠤᠳᠤᠭ ᠪᠡᠯᠴᠢᠭᠡᠷ ᠢ ᠵᠠᠰᠠᠬᠤ ᠴᠢᠳᠠᠪᠤᠷᠢ ᠪᠠ ᠤᠢ ᠰᠢᠭᠤᠶ ᠨᠤᠳᠤᠭ ᠪᠡᠯᠴᠢᠭᠡᠷ ᠤᠨ ᠲᠤᠯᠭᠠᠭᠤᠷᠢᠯᠠᠬᠤ ᠰᠢᠰᠲ᠋ᠧᠮ ᠵᠡᠷᠭᠡ ᠲᠠᠪᠤᠨ ᠶᠡᠭᠡ ᠴᠢᠬᠤᠯᠠ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠶᠢᠳᠤᠷ ᠳᠡᠭᠡᠭᠰᠢᠯᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠤᠭᠤᠭᠠᠷᠠᠭᠤᠯᠤᠯᠳᠠ ᠶᠢᠨ ᠢᠨᠵᠧᠨᠧᠷᠢᠩ᠂ ᠲᠠᠷᠢᠶᠠᠨ ᠭᠠᠵᠠᠷ ᠢ ᠬᠠᠮᠠᠭᠠᠯᠠᠬᠤ ᠤᠢ ᠶᠢᠨ ᠪᠦᠰᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠤᠢ ᠰᠢᠭᠤᠶ ᠶᠢᠨ ᠶᠠᠰᠤ ᠴᠢᠨᠠᠷ ᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠬᠦ ᠢᠨᠵᠧᠨᠧᠷᠢᠩ ᠵᠡᠷᠭᠡ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠦᠨ᠎ᠡ᠃ ᠲᠣᠰ ᠲᠥᠯᠥᠪᠵᠢᠭᠦᠯᠭᠡ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠤᠯᠠᠭᠠᠨᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠯᠲᠡ ᠶᠢᠨ ᠠᠤᠭ᠎ᠠ ᠵᠢᠷᠤᠭ ᠲᠥᠯᠥᠪᠯᠡᠭᠡ ᠪᠠ ᠠᠵᠢᠯᠯᠠᠭᠠᠨ ᠤ ᠵᠦᠭᠯᠡᠭᠦᠷ ᠪᠣᠯᠤᠨ᠎ᠠ᠃    ᠬᠤᠶᠠᠷ᠂ ᠣᠷᠣᠨ ᠲᠣᠭᠠᠨ   ᠤ ᠦᠨᠳᠦᠰᠦᠯᠡᠯ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠭᠦᠯᠦᠯᠲᠡ ᠶᠢᠨ ᠲᠥᠯᠥᠪᠵᠢᠭᠦᠯᠭᠡ︾ ︽ᠬᠢᠩᠭᠠᠨ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠠᠵᠤ ᠤᠶᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︵2022 — 2030︶︾ ᠪᠠ ︽ᠤᠯᠠᠭᠠᠨᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠪᠡᠯ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠲᠦᠷᠦᠭᠦᠯᠡᠨ ︽ᠤᠯᠠᠭᠠᠨᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠬᠠᠮᠠᠭᠠᠯᠠᠯᠲᠠ ᠬᠥᠭᠵᠢᠭᠦᠯᠦᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠵᠣᠬᠢᠶᠠᠨ᠎ᠠ᠃         ᠨᠠᠶᠢᠷᠠᠭᠤᠯᠤᠨ ᠵᠣᠬᠢᠶᠠᠭᠰᠠᠨ ᠠᠭᠤᠯᠭ᠎ᠠ         ᠲᠣᠰ ︽ᠲᠥᠯᠥᠪᠵᠢᠭᠦᠯᠭᠡ︾ ᠳᠤ ᠭᠤᠤᠯᠳᠠᠭᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠮᠠᠨ ᠤ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠬᠥᠭᠵᠢᠯᠲᠡ ᠶᠢᠨ ᠶᠡᠷᠦᠩᠬᠡᠶ ᠬᠠᠷᠠᠯᠲᠠ ᠶᠢ ᠳᠤᠷᠠᠳᠴᠤ᠂ ᠲᠠᠪᠤᠨ ᠶᠡᠭᠡ ᠴᠢᠬᠤᠯᠠ ᠪᠥᠲᠥᠭᠡᠨ ᠪᠠᠶᠢᠭᠤᠯᠤᠯᠲᠠ ᠶᠢᠨ ᠡᠭᠦᠷᠭᠡ ᠵᠢᠴᠢ ᠠᠷᠪᠠᠨ ᠬᠤᠶᠠᠷ ᠵᠤᠶᠢᠯ ᠤᠨ ᠭᠤᠤᠯᠳᠠᠯᠭ᠎ᠠ ᠲᠠᠢ ᠲᠥᠷᠥᠯ ᠵᠤᠶᠢᠯ ᠤᠨ ᠢᠨᠵᠧᠨᠧᠷᠢᠩ ᠢ ᠲᠣᠳᠣᠷᠬᠠᠶᠢᠯᠠᠪᠠ᠃  ᠳᠥᠷᠪᠡ᠂ ᠣᠷᠣᠨ ᠲᠤᠭ᠎ᠠ ᠶᠢᠨ ᠦᠷ᠎ᠡ ᠪᠦᠲᠦᠮᠵᠢ  ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ᠂ ᠪᠥᠬᠦ ᠬᠤᠲᠠ ᠶᠢᠨ ᠣᠶ ᠰᠢᠭᠤᠶ ᠨᠤᠳᠤᠭ ᠪᠡᠯᠴᠢᠭᠡᠷ ᠤᠨ ᠤᠶᠢᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠣᠯᠤᠭᠰᠠᠨ ᠪᠣᠯᠪᠠᠴᠤ ᠣᠶ ᠰᠢᠭᠤᠶ  ᠨᠤᠳᠤᠭ ᠪᠡᠯᠴᠢᠭᠡᠷ ᠤᠨ ᠬᠠᠮᠠᠭᠠᠯᠠᠯᠲᠠ ᠪᠠ ᠬᠥᠭᠵᠢᠯᠲᠡ ᠳᠤ ᠮᠥᠨ ᠬᠦ ᠴᠥᠭᠡᠨ ᠪᠤᠰᠤ ᠠᠶᠤᠯ ᠲᠦᠭᠰᠢᠭᠦᠷᠢ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠳᠤ ᠬᠠᠨᠳᠤᠭᠤᠯᠤᠨ᠂ ᠪᠥᠬᠦ ᠬᠤᠲᠠ ᠶᠢᠨ ᠣᠶ ᠰᠢᠭᠤᠶ ᠨᠤᠳᠤᠭ ᠪᠡᠯᠴᠢᠭᠡᠷ ᠤᠨ ᠬᠠᠮᠠᠭᠠᠯᠠᠯᠲᠠ ᠪᠠ ᠬᠥᠭᠵᠢᠯᠲᠡ ᠤᠷᠢᠳ ᠡᠮᠦᠨ᠎ᠡ ᠪᠠᠶᠢᠭ᠎ᠠ ᠥᠬᠡᠶ ᠰᠢᠨ᠎ᠡ ᠠᠵᠠ ᠲᠣᠬᠢᠶᠠᠯ ᠢ ᠤᠭᠲᠤᠨ ᠠᠪᠴᠢᠷᠠᠵᠤ᠂ ᠣᠶ ᠰᠢᠭᠤᠶ ᠨᠤᠳᠤᠭ ᠪᠡᠯᠴᠢᠭᠡᠷ ᠤᠨ ᠤᠶᠢᠯᠡᠰ ᠤᠨ ᠬᠥᠭᠵᠢᠯᠲᠡ ᠳᠤ ᠰᠢᠨ᠎ᠡ ᠱᠠᠭᠠᠷᠳᠠᠯᠭ᠎ᠠ ᠳᠤᠷᠠᠳᠪᠠ᠃ ᠲᠥᠯᠥᠪᠵᠢᠭᠦᠯᠭᠡ ᠶᠢ ᠲᠣᠭᠲᠠᠭᠠᠬᠤ ᠨᠢ ᠢᠷᠡᠭᠡᠳᠦᠢ ᠶᠢᠨ ᠤᠢ ᠰᠢᠭᠤᠢ ᠨᠤᠳᠤᠭ ᠪᠡᠯᠴᠢᠭᠡᠷ ᠤᠨ ᠠᠵᠢᠯ ᠤᠨ ᠥᠷᠢᠰᠥᠯᠳᠦᠭᠡᠨ ᠳᠤ ᠠᠵᠢᠯ ᠤᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ᠂ ᠬᠥᠭᠵᠢᠯᠲᠡ ᠶᠢᠨ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠪᠣᠳᠠᠲᠠᠢ ᠠᠵᠢᠯ ᠢ ᠨᠠᠶᠢᠳᠠᠪᠤᠷᠢᠵᠢᠭᠤᠯᠬᠤ ᠪᠠᠷ ᠳᠠᠮᠵᠢᠭᠤᠯᠵᠤ᠂ ᠤᠢ ᠰᠢᠭᠤᠢ ᠨᠤᠳᠤᠭ ᠪᠡᠯᠴᠢᠭᠡᠷ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠵᠤ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠣᠷᠣᠨ ᠲᠣᠭᠠᠨ ᠤ ᠬᠠᠷᠠᠯᠲᠠ ᠶᠢ 2025 ᠣᠨ ᠪᠣᠯᠲᠠᠯ᠎ᠠ ᠲᠣᠭᠲᠠᠭᠠᠵᠤ᠂ ᠪᠦᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠶᠠᠰᠤ ᠴᠢᠨᠠᠷ ᠢᠯᠡᠳᠲᠡ ᠳᠡᠭᠡᠭᠰᠢᠯᠡᠵᠦ᠂ ᠨᠤᠭᠤ ᠭᠠᠵᠠᠷ ᠢ ᠬᠠᠮᠠᠭᠠᠯᠠᠬᠤ ᠪᠠ ᠰᠡᠷᠭᠦᠭᠡᠬᠦ ᠠᠵᠢᠯ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠣᠶ ᠰᠢᠭᠤᠶ ᠨᠤᠳᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ  ᠶᠢ ᠰᠠᠭᠠᠷᠮᠠᠭᠵᠢᠭᠤᠯᠬᠤ ᠳᠤ ᠦᠵᠡᠭᠦᠯᠬᠦ ᠬᠤᠪᠢ ᠨᠡᠮᠡᠷᠢ ᠢᠯᠡᠳᠲᠡ ᠨᠡᠮᠡᠭᠳᠡᠵᠦ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠪᠦᠬᠦ ᠲᠠᠯ᠎ᠠ ᠪᠠᠷ ᠬᠠᠮᠠᠭᠠᠯᠠᠵᠤ᠂ ᠴᠢᠨᠠᠷ ᠰᠠᠶᠢᠲᠠᠶ ᠠᠮᠢ ᠠᠬᠤᠶ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠡᠳᠦᠷ ᠢᠷᠡᠬᠦᠶ᠎ᠡ ᠳᠡᠭᠡᠭᠰᠢᠯᠡᠭᠦᠯᠵᠦ᠂ ᠣᠶ ᠰᠢᠭᠤᠶ ᠨᠤᠳᠤᠭ ᠪᠡᠯᠴᠢᠭᠡᠷ ᠤᠨ ᠲᠤᠯᠭᠠᠭᠤᠷᠢᠯᠠᠨ ᠪᠠᠲᠤᠯᠠᠬᠤ ᠰᠢᠰᠲ᠋ᠧᠮ ᠢ ᠨᠠᠩ ᠬᠦᠴᠦᠲᠡᠶ ᠪᠣᠯᠭᠠᠵᠤ᠂ ᠣᠶ ᠰᠢᠭᠤᠶ ᠨᠤᠳᠤᠭ ᠪᠡᠯᠴᠢᠭᠡᠷ ᠤᠨ ᠠᠵᠤ  ᠤᠶᠢᠯᠡᠰ ᠤᠨ ᠠᠷᠠᠳ ᠢ ᠪᠠᠶᠠᠵᠢᠭᠤᠯᠤᠨ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ ᠢᠯᠡᠳᠲᠡ ᠪᠣᠯᠭᠠᠵᠤ᠂ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠤᠨ ᠰᠠᠶᠢᠨ ᠣᠷᠴᠢᠯ ᠢ ᠦᠨᠳᠦᠰᠦᠨ ᠳᠡᠭᠡᠨ ᠪᠡᠶᠡᠯᠡᠭᠦᠯᠵᠦ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠦᠵᠡᠰᠬᠦᠯᠡᠩᠲᠦ ᠰᠠᠶᠢᠬᠠᠨ ᠤᠯᠠᠭᠠᠨᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号