ᠰᠢ ᠶᠢᠨ ᠫᠢᠩ ᠵᠠᠬᠢᠳᠠᠯ ᠢᠯᠡᠭᠡᠵᠦ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ  ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠳᠤ ᠪᠠᠶᠠᠷ ᠬᠦᠷᠭᠡᠬᠦ ᠳᠡᠭᠡᠨ ᠴᠢᠬᠤᠯᠠᠴᠢᠯᠠᠭᠰᠠᠨ ᠨᠢ ᠨᠢᠭᠡ ᠰᠡᠳᠬᠢᠯ ᠢᠶᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠰᠡᠳᠬᠢᠯ ᠰᠠᠨᠠᠭ᠎ᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ ᠸᠠᠩ ᠬᠤ᠋ ᠨᠢᠩ ᠳᠤᠷᠠᠰᠬᠠᠬᠤ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/6/19
   ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 17 ᠤ ᠴᠠᠭᠢᠯᠭᠠᠨ ᠮᠡᠳᠡᠭᠡ︶ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠣᠶ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠣᠶ ᠶᠢᠨ ᠲᠠᠰᠢᠷᠠᠮ ᠢᠶᠠᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠵᠠᠬᠢᠳᠠᠯ ᠢᠯᠡᠭᠡᠵᠦ᠂ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠳᠤ ᠴᠢᠩ ᠰᠡᠳᠬᠢᠯ ᠤᠨ ᠮᠡᠨᠳᠦᠴᠢᠯᠡᠯ ᠬᠦᠷᠭᠡᠪᠡ᠃    ᠰᠢ ᠶᠢᠨ ᠫᠢᠩ ᠪᠠᠶᠠᠷ ᠤᠨ ᠵᠠᠬᠢᠳᠠᠯ ᠳᠠᠭᠠᠨ᠂ ᠬᠤᠸᠠᠩᠫᠦ᠋ ᠴᠡᠷᠢᠭ ᠤᠨ ᠰᠤᠷᠭᠠᠭᠤᠯᠢ ᠪᠣᠯ ᠭᠤᠮᠢᠨᠳᠠᠩ ᠡᠪ ᠬᠠᠮᠲᠤ ᠨᠠᠮ ᠤᠨ ᠠᠩᠬᠠᠳᠤᠭᠠᠷ ᠤᠳᠠᠭ᠎ᠠ ᠶᠢᠨ ᠬᠠᠮᠲᠤᠷᠠᠯᠴᠠᠭᠠᠨ ᠤ ᠲᠥᠷᠥᠳᠡᠰᠦ ᠮᠥᠨ᠂ ᠮᠠᠨ ᠤ ᠤᠯᠤᠰ ᠤᠨ ᠠᠩᠬᠠᠳᠠᠭᠴᠢ ᠬᠤᠪᠢᠰᠬᠠᠯᠲᠤ ᠴᠡᠷᠢᠭ ᠠᠩᠭᠢ ᠶᠢᠨ ᠺᠠᠳ᠋ᠷᠴᠤᠳ ᠢ ᠬᠥᠮᠥᠵᠢᠭᠦᠯᠦᠭᠰᠡᠨ ᠰᠤᠷᠭᠠᠭᠤᠯᠢ ᠮᠥᠨ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠲᠠᠢ ᠬᠠᠷᠢᠯᠴᠠᠬᠤ ᠤᠯᠤᠰ ᠢᠶᠠᠨ ᠬᠠᠶᠢᠷᠠᠯᠠᠬᠤ ᠤᠯᠠᠨ ᠲᠦᠮᠡᠨ ᠤ ᠪᠦᠯᠭᠦᠮ ᠪᠣᠯᠣᠨ᠎ᠠ᠂ ᠪᠠᠶᠢᠭᠤᠯᠤᠭᠳᠠᠭᠰᠠᠨ ᠠᠴᠠ ᠨᠠᠭᠠᠰᠢ ︽ᠬᠤᠸᠠᠩᠫᠦ᠋ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠠᠮᠲᠤ ᠰᠤᠷᠤᠯᠭᠠᠲᠠᠨ ᠤ ᠬᠠᠶᠢᠷ᠎ᠠ ᠰᠡᠳᠬᠢᠯᠭᠡ ᠪᠠᠨ ᠨᠢᠭᠲᠠᠷᠠᠭᠤᠯᠬᠤ᠂ ᠡᠬᠡ ᠤᠯᠤᠰ ᠤᠨ ᠨᠢᠭᠡᠳᠦᠯ ᠢ ᠠᠬᠢᠭᠤᠯᠬᠤ᠂ ᠳᠤᠮᠳᠠᠳᠤ ᠪᠠᠨ ᠬᠥᠭᠵᠢᠭᠦᠯᠦᠨ ᠮᠠᠨᠳᠤᠭᠤᠯᠬᠤ ᠪᠠᠷ ᠬᠦᠴᠦᠯᠡᠨ ᠴᠢᠷᠮᠠᠶᠢᠬᠤ︾ ᠵᠣᠷᠢᠯᠲᠠ ᠶᠢ ᠢᠮᠠᠭᠲᠠ ᠪᠠᠷᠢᠮᠲᠠᠯᠠᠵᠤ᠂ ᠨᠠᠮ ᠪᠣᠯᠣᠨ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠬᠦ ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠢ ᠡᠰᠡᠷᠭᠦᠴᠡᠬᠦ᠂ ᠡᠬᠡ ᠤᠯᠤᠰ ᠤᠨ ᠨᠢᠭᠡᠳᠦᠯ ᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠠᠶᠠᠨ ᠳᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠢᠨ ᠡᠪᠯᠡᠯ ᠪᠠᠶᠢᠭᠤᠯᠤᠭᠰᠠᠨ ᠵᠣᠷᠢᠯᠲᠠ ᠪᠣᠯᠣᠨ ᠤᠯᠤᠰ ᠲᠦᠷᠦ ᠶᠢᠨ ᠡᠭᠦᠷᠭᠡ ᠶᠢ ᠪᠠᠲᠤ ᠴᠡᠭᠡᠵᠢᠯᠡᠵᠦ᠂ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ︾ ᠬᠤᠸᠠᠩᠫᠦ᠋ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠦᠵᠡᠯ ᠰᠠᠨᠠᠭᠠᠨ ᠤ ᠵᠢᠯᠣᠭᠤᠳᠤᠯᠭ᠎ᠠ ᠪᠣᠯᠣᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠨᠠᠭᠰᠢᠳᠠ ᠴᠢᠩᠭᠠᠳᠬᠠᠵᠤ ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ︽ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠵᠦ ᠨᠢᠭᠡᠳᠦᠯ ᠢ ᠠᠬᠢᠭᠤᠯᠬᠤ ᠶᠢ ᠪᠠᠲᠤᠳᠬᠠᠵᠤ᠂ ᠨᠢᠭᠡ ᠰᠡᠳᠬᠢᠯ ᠢᠶᠠᠷ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠳᠤ ᠰᠡᠳᠬᠢᠯ ᠰᠠᠨᠠᠭ᠎ᠠ ᠬᠦᠴᠦᠨ ᠴᠢᠳᠠᠯ ᠢ ᠥᠷᠭᠡᠨ ᠢᠶᠠᠷ ᠨᠢᠭᠲᠠᠷᠠᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠭᠠᠳᠠᠭᠠᠳᠤ ᠶᠢᠨ ᠥᠷᠭᠡᠨ ᠣᠯᠠᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠥᠷᠥᠯ ᠰᠠᠳᠤᠨ ᠤ ᠬᠢᠨ ᠠᠬᠠᠮᠠᠳ ᠦᠶ᠎ᠡ ᠶᠢᠨ ᠬᠦᠰᠡᠯ ᠵᠣᠷᠢᠭ ᠢᠶᠠᠨ ᠮᠠᠷᠲᠠᠯ ᠦᠭᠡᠢ ᠪᠠᠷ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠳᠤ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ 17 ᠤ ᠡᠳᠦᠷ ᠪᠡᠭᠡᠵᠢᠩ ᠳᠤ ᠬᠤᠷᠠᠯᠳᠤᠪᠠ᠃ ᠬᠤᠷᠠᠯ ᠳᠡᠭᠡᠷ᠎ᠡ ᠰᠢ ᠶᠢᠨ ᠫᠢᠩ ᠤᠨ ᠪᠠᠶᠠᠷ ᠤᠨ ᠵᠠᠬᠢᠳᠠᠯ ᠢ ᠤᠩᠰᠢᠨ ᠨᠡᠶᠢᠲᠡᠯᠡᠪᠡ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠸᠠᠩ ᠬᠤ᠋ ᠨᠢᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠲᠤᠨ ᠢ ᠢᠮᠠᠭᠲᠠ ᠰᠡᠳᠬᠢᠯ ᠳᠡᠭᠡᠨ ᠪᠤᠳᠤᠵᠤ᠂ ᠬᠤᠸᠠᠩᠫᠦ᠋ ᠴᠡᠷᠢᠭ ᠤᠨ ᠰᠤᠷᠭᠠᠭᠤᠯᠢ ᠪᠠᠶᠢᠭᠤᠯᠤᠭᠳᠠᠭᠰᠠᠨ 100 ᠵᠢᠯ ᠤᠨ ᠤᠢ ᠵᠢᠴᠢ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠪᠠᠶᠢᠭᠤᠯᠤᠭᠳᠠᠭᠰᠠᠨ 40 ᠵᠢᠯ ᠤᠨ ᠤᠢ ᠳᠤ ᠲᠤᠰᠬᠠᠶᠢᠯᠠᠨ ᠪᠠᠶᠠᠷ ᠤᠨ ᠵᠠᠬᠢᠳᠠᠯ ᠢᠯᠡᠭᠡᠵᠦ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠲᠡᠦᠬᠡᠲᠦ ᠭᠠᠪᠢᠶ᠎ᠠ ᠵᠢᠳᠬᠦᠯ ᠪᠣᠯᠣᠨ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠢᠳᠡᠪᠬᠢᠲᠡᠢ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠰᠢᠨᠵᠢ ᠴᠢᠨᠠᠷ ᠵᠣᠷᠢᠯᠲᠠ ᠪᠣᠯᠣᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠳᠡᠨ ᠤ ᠲᠦᠷᠦᠯ ᠰᠠᠳᠤᠨ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠤ᠂ ᠰᠢᠨ᠎ᠡ ᠴᠠᠭ ᠦᠶ᠎ᠡ ᠶᠢᠨ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠢᠯᠡᠳᠬᠡᠪᠡ᠃    ᠸᠠᠩ ᠬᠤ᠋ ᠨᠢᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠡᠭᠦᠨ ᠤ ᠲᠦᠷᠦᠯ ᠰᠠᠳᠤᠨ ᠪᠣᠯ ᠤᠯᠤᠰ ᠢᠶᠠᠨ ᠬᠠᠶᠢᠷᠠᠯᠠᠬᠤ ᠬᠤᠪᠢᠰᠬᠠᠯ ᠤᠨ ᠢᠷᠠᠭᠤ ᠠᠯᠳᠠᠷᠲᠤ ᠲᠡᠦᠬᠡ ᠪᠠ ᠰᠢᠯᠢᠳᠡᠭ ᠤᠯᠠᠮᠵᠢᠯᠠᠯ ᠲᠠᠢ ᠶᠤᠮ᠂ ᠡᠬᠡ ᠤᠯᠤᠰ ᠤᠨ ᠨᠢᠭᠡᠳᠦᠯ ᠪᠠ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠶᠢ ᠠᠬᠢᠭᠤᠯᠬᠤ ᠴᠢᠬᠤᠯᠠ ᠬᠦᠴᠦᠨ ᠮᠥᠨ᠃ ︽ᠤᠯᠤᠰ ᠢᠶᠠᠨ ᠬᠠᠶᠢᠷᠠᠯᠠᠬᠤ᠂ ᠬᠤᠪᠢᠰᠬᠠᠯ ᠬᠢᠬᠦ︾ ᠬᠤᠸᠠᠩᠫᠦ᠋ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠬᠠᠮᠲᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠢᠶᠠᠨ ᠰᠡᠷᠭᠦᠭᠡᠨ ᠮᠠᠨᠳᠤᠭᠤᠯᠬᠤ ᠠᠭᠤᠤ ᠦᠢᠯᠡᠰ ᠢ ᠬᠠᠮᠲᠤ ᠪᠠᠷ ᠴᠣᠭᠴᠠᠯᠠᠬᠤ ᠬᠡᠷᠡᠭᠲᠡᠢ᠃ ᠡᠬᠡ ᠤᠯᠤᠰ ᠤᠨ ᠨᠢᠭᠡᠳᠦᠯ ᠤᠨ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠵᠠᠯᠠᠭᠤᠴᠤᠳ ᠤᠨ ᠰᠣᠯᠢᠯᠴᠠᠭ᠎ᠠ ᠪᠠᠨ ᠴᠢᠩᠭᠠᠳᠬᠠᠬᠤ ᠶᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠰᠣᠶᠣᠯ ᠢ ᠬᠠᠮᠲᠤ ᠪᠠᠷ ᠤᠯᠠᠮᠵᠢᠯᠠᠨ ᠪᠠᠳᠠᠷᠠᠭᠤᠯᠵᠤ᠂ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ ᠳᠤᠮᠳᠠ ᠶᠠᠪᠤᠬᠤ ᠳᠤᠳᠤᠮ ᠣᠶᠢᠷᠠᠳᠴᠤ᠂ ᠶᠠᠪᠤᠬᠤ ᠳᠤᠳᠤᠮ ᠳᠣᠲᠣᠨᠣ ᠪᠣᠯᠵᠤ᠂ ᠤᠯᠤᠰ ᠤᠨ ᠦᠨᠳᠦᠰᠦᠲᠡᠨ ᠤ ᠬᠠᠮᠲᠤ ᠶᠢᠨ ᠲᠠᠨᠢᠯᠲᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃    ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠤᠯ ᠪᠠ ᠭᠠᠳᠠᠭᠠᠳᠤ ᠶᠢᠨ ᠬᠦᠴᠦᠨ ᠤ ᠭᠠᠷ ᠲᠦᠷᠦᠭᠦ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠣᠷᠣᠨ ᠤ ᠡᠩᠬᠡ ᠲᠠᠶᠢᠪᠤᠩ ᠲᠣᠭᠲᠠᠭᠤᠨ ᠪᠠᠶᠢᠳᠠᠯ ᠢ ᠡᠷᠡᠰ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠭᠡᠷ ᠣᠷᠣᠨ ᠢᠶᠠᠨ ᠡᠷᠡᠰ ᠰᠠᠬᠢᠨ ᠬᠠᠮᠠᠭᠠᠯᠠᠬᠤ ᠬᠡᠷᠡᠭᠲᠡᠢ᠃ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠣᠯᠣᠨ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠥᠪ ᠴᠢᠭᠯᠡᠯ ᠢ ᠪᠠᠲᠤ ᠡᠵᠡᠮᠳᠡᠨ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠂ ᠨᠡᠩ ᠶᠡᠭᠡ ᠦᠢᠯᠡᠳᠦᠯ ᠢᠶᠠᠨ ᠴᠢᠷᠮᠠᠶᠢᠨ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠧᠩ ᠶᠠᠷᠢᠯᠴᠠᠬᠤ ᠬᠤᠷᠠᠯ ᠢ ᠡᠷᠭᠢᠯᠡᠪᠡ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠵᠧᠩ ᠵᠢᠶᠠᠨ ᠪᠠᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠤᠯᠠᠨ ᠲᠦᠮᠡᠨ ᠤ ᠪᠦᠯᠭᠦᠮ ᠢ ᠲᠥᠯᠥᠭᠡᠯᠡᠨ ᠪᠠᠶᠠᠷ ᠤᠨ ᠦᠭᠡ ᠬᠡᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠳ᠋ᠦᠩ ᠹᠧᠩ ᠶᠠᠷᠢᠯᠴᠠᠬᠤ ᠬᠤᠷᠠᠯ ᠳᠤ ᠣᠷᠣᠯᠴᠠᠪᠠ᠃    ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ᠂ ᠲᠠᠶᠢᠸᠠᠨ ᠤ ᠬᠤᠸᠠᠩᠫᠦ᠋ ᠶᠢᠨ ᠬᠠᠮᠲᠤ ᠰᠤᠷᠤᠯᠭᠠᠲᠠᠨ ᠤ ᠲᠥᠯᠥᠭᠡᠯᠡᠭᠴᠢ ᠬᠤᠷᠠᠯ ᠳᠡᠭᠡᠷ᠎ᠡ ᠦᠭᠡ ᠬᠡᠯᠡᠪᠡ᠃    ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠪᠦᠯᠭᠦᠮ ᠤᠨ ᠬᠠᠷᠢᠭᠤᠴᠠᠯᠭᠠᠲᠠᠨ ᠨᠥᠬᠦᠳ᠂ ᠬᠤᠯᠪᠣᠭᠳᠠᠯ ᠪᠦᠬᠦᠢ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠶᠢᠨ ᠬᠠᠷᠢᠭᠤᠴᠠᠯᠭᠠᠲᠠᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ᠂ ᠰᠢᠶᠠᠩᠭᠠᠩ ᠣᠣᠮᠧᠨ ᠪᠣᠯᠣᠨ ᠭᠠᠳᠠᠭᠠᠳᠤ ᠳᠠᠬᠢ ᠬᠤᠸᠠᠩᠫᠦ᠋ ᠶᠢᠨ ᠬᠠᠮᠲᠤ ᠰᠤᠷᠤᠯᠭᠠᠲᠠᠨ ᠵᠢᠴᠢ ᠲᠦᠷᠦᠯ ᠰᠠᠳᠤᠨ ᠤ ᠲᠥᠯᠥᠭᠡᠯᠡᠭᠴᠢ᠂ ᠮᠤᠵᠢ ᠶᠢᠨ ᠱᠠᠲᠤᠨ ᠤ ᠬᠤᠸᠠᠩᠫᠦ᠋ ᠴᠡᠷᠢᠭ ᠤᠨ ᠰᠤᠷᠭᠠᠭᠤᠯᠢ ᠶᠢᠨ ᠬᠠᠮᠲᠤ ᠰᠤᠷᠤᠯᠭᠠᠲᠠᠨ ᠤ ᠡᠪᠯᠡᠯ ᠤᠨ ᠬᠠᠷᠢᠭᠤᠴᠠᠯᠭᠠᠲᠠᠨ ᠨᠠᠷ ᠶᠠᠷᠢᠯᠴᠠᠬᠤ ᠬᠤᠷᠠᠯ ᠳᠤ ᠣᠷᠣᠯᠴᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号