| | 6 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠵᠢᠶ ᠫᠧᠩ ︽ᠬᠤᠶᠠᠷ ᠵᠠᠮ ᠬᠤᠶᠠᠷ ᠬᠥᠭᠦᠷᠭᠡ︾᠂ ᠳᠤᠯᠠᠭᠠᠯᠠᠭ᠎ᠠ ᠶᠢᠨ | ᠢᠨᠵᠧᠨᠧᠷᠢᠩ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ | ᠰᠤᠳᠤᠯᠵᠤ᠂ ᠤᠯᠠᠭᠠᠨᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠯᠢᠦ ᠶᠢᠨ ᠪᠥᠸᠧ᠂ ᠸᠠᠩ ᠬᠠᠢ ᠵᠢᠶᠠᠩ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠤᠳᠤᠯᠵᠠᠢ᠃ | ᠶᠠᠩ ᠵᠢᠢ ᠫᠧᠩ ᠨᠠᠷ ᠤᠷᠢᠳ ᠬᠤᠵᠢᠳ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡᠨ ᠤ ᠠᠵᠤ | ᠦᠢᠯᠡᠰ ᠤᠨ ᠵᠠᠮ᠂ ᠶᠦᠩ ᠯᠢᠶᠠᠨ ᠶᠡᠭᠡ ᠬᠥᠭᠦᠷᠭᠡ᠂ ᠬᠤᠳᠠ ᠶᠢᠨ ᠤᠰᠤ ᠭᠠᠳᠠᠭᠰᠢᠯᠠᠭᠤᠯᠵᠤ ᠦᠶᠡᠷ ᠤᠰᠤᠲᠤᠯ ᠢ | ᠰᠡᠷᠭᠡᠶᠢᠯᠡᠵᠤ ᠶᠡᠷᠦᠩᠬᠡᠶᠢᠯᠡᠨ ᠥᠭᠡᠷᠡᠴᠢᠯᠡᠨ ᠵᠠᠰᠠᠬᠤ ᠢᠨᠵᠧᠨᠧᠷᠢᠩ᠂ ᠱᠧᠩ ᠶᠤᠸᠠᠨ ᠪᠠᠭ᠎ᠠ ᠲᠣᠭᠤᠷᠢᠭ ᠤᠨ B | ᠲᠣᠭᠤᠷᠢᠭ ᠤᠨ ᠳᠤᠯᠠᠭᠠᠯᠠᠭ᠎ᠠ ᠶᠢᠨ ᠢᠨᠵᠧᠨᠧᠷᠢᠩ ᠤᠨ ᠲᠤᠬᠠᠢ ᠶᠢᠨ ᠲᠠᠯᠠᠪᠠᠢ ᠪᠠᠷ ᠬᠦᠷᠴᠦ᠂ ᠪᠤᠳᠠᠳᠠᠢ ᠭᠠᠵᠠᠷ ᠲᠤᠨᠢ | ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠶᠢ | ᠰᠣᠨᠣᠰᠬᠤ ᠵᠡᠷᠭᠡ ᠠᠷᠭ᠎ᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ | ᠣᠶᠢᠯᠠᠭᠠᠪᠠ᠃ | ᠶᠠᠩ ᠵᠢᠢ ᠫᠧᠩ᠂ ︽ᠬᠤᠶᠠᠷ ᠵᠠᠮ ᠬᠤᠶᠠᠷ ᠬᠥᠭᠦᠷᠭᠡ︾᠂ ᠲᠤᠯᠠᠭᠠᠯᠠᠭ᠎ᠠ ᠶᠢᠨ ᠢᠨᠵᠧᠨᠧᠷᠢᠩ ᠵᠡᠷᠭᠡ | ᠲᠦᠷᠦᠯ ᠵᠦᠢᠯ ᠢ ᠬᠡᠷᠡᠭᠵᠢᠭᠦᠯᠬᠦ ᠪᠣᠯ ᠬᠤᠳᠠ ᠶᠢᠨ ᠰᠢᠨᠡᠴᠢᠯᠡᠯᠲᠡ ᠶᠢ ᠲᠦᠷᠭᠡᠨ ᠪᠡᠶᠡᠯᠡᠭᠦᠯᠬᠦ᠂ ᠬᠤᠳᠠ ᠶᠢᠨ | ᠶᠡᠷᠦᠩᠬᠡᠶᠢᠯᠡᠭᠰᠡᠨ ᠳᠠᠭᠠᠭᠠᠴᠠ ᠶᠢ ᠨᠡᠮᠡᠭᠳᠡᠭᠦᠯᠬᠦ ᠴᠢᠬᠤᠯᠠ ᠭᠠᠷᠳᠠᠴᠠ ᠮᠥᠨ᠂ ᠤᠯᠠᠨ ᠲᠦᠮᠡᠨ ᠤ ᠠᠮᠢᠳᠤᠷᠠᠯ ᠤᠨ | ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠃ | ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ ᠨᠢᠭᠡᠴᠢ ᠤᠳ ᠣᠳᠣᠬᠠᠨ ᠤ | ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠶ ᠪᠠᠨ ᠴᠢᠩᠭᠠᠷᠠᠭᠤᠯᠵᠤ᠂ ᠠᠷᠭ᠎ᠠ ᠪᠦᠬᠦᠨ ᠢ | ᠰᠦᠪᠡᠭᠴᠢᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠢᠨᠵᠧᠨᠧᠷᠢᠩ ᠤᠨ ᠲᠥᠷᠥᠯ ᠵᠦᠢᠯ ᠤᠨ ᠬᠡᠪ ᠤᠨ ᠶᠣᠰᠣᠭᠠᠷ ᠠᠵᠢᠯᠯᠠᠵᠤ | ᠂ ᠴᠠᠭ ᠲᠤᠬᠠᠶ ᠳᠤ ᠪᠠᠨ ᠪᠠᠷᠢᠯᠭ᠎ᠠ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃ |