ᠶᠠᠩ ᠵᠢᠢ ᠫᠧᠩ ᠨᠠᠷ ᠲᠤᠯᠠᠭᠠᠯᠠᠭ᠎ᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠲᠤᠬᠠᠢ ᠪᠤᠳᠠᠳᠤ ᠲᠡᠮᠳᠡᠭᠯᠡᠯ
ᠨᠡᠶᠢᠲᠡᠯᠡᠭᠰᠡᠨ ᠴᠠᠭ᠄
2024/6/21
  6 ᠰᠠᠷ᠎ᠠ ᠶᠢᠨ 17 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ︽ᠬᠤᠶᠠᠷ ᠵᠠᠮ ᠬᠤᠶᠠᠷ ᠬᠥᠭᠦᠷᠭᠡ︾᠂ ᠳᠤᠯᠠᠭᠠᠯᠠᠭ᠎ᠠ ᠶᠢᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠤᠯᠠᠭᠠᠨᠬᠤᠲᠠ ᠶᠢᠨ ᠤᠳᠤᠷᠢᠳᠤᠯᠭ᠎ᠠ ᠭᠤᠸᠠᠨ ᠹᠧᠩ᠂ ᠯᠢᠦ ᠶᠢᠨ ᠪᠥᠸᠧ᠂ ᠸᠠᠩ ᠬᠠᠢ ᠵᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠤᠳᠤᠯᠵᠠᠢ᠃
       ᠶᠠᠩ ᠵᠢᠢ ᠫᠧᠩ ᠨᠠᠷ ᠤᠷᠢᠳ ᠬᠤᠵᠢᠳ ᠠᠵᠤ ᠦᠢᠯᠡᠳᠪᠦᠷᠢ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠵᠠᠮ᠂ ᠶᠦᠩ ᠯᠢᠶᠠᠨ ᠶᠡᠭᠡ ᠬᠥᠭᠦᠷᠭᠡ᠂ ᠬᠤᠳᠠ ᠶᠢᠨ ᠤᠰᠤ ᠭᠠᠳᠠᠭᠰᠢᠯᠠᠭᠤᠯᠵᠤ ᠦᠶᠡᠷ ᠤᠰᠤᠲᠤᠯ ᠢ ᠰᠡᠷᠭᠡᠶᠢᠯᠡᠵᠤ ᠶᠡᠷᠦᠩᠬᠡᠶᠢᠯᠡᠨ ᠥᠭᠡᠷᠡᠴᠢᠯᠡᠨ ᠵᠠᠰᠠᠬᠤ ᠢᠨᠵᠧᠨᠧᠷᠢᠩ᠂ ᠱᠧᠩ ᠶᠤᠸᠠᠨ ᠪᠠᠭ᠎ᠠ ᠲᠣᠭᠤᠷᠢᠭ ᠤᠨ B ᠲᠣᠭᠤᠷᠢᠭ ᠤᠨ ᠳᠤᠯᠠᠭᠠᠯᠠᠭ᠎ᠠ ᠶᠢᠨ ᠢᠨᠵᠧᠨᠧᠷᠢᠩ ᠤᠨ ᠲᠤᠬᠠᠢ ᠶᠢᠨ ᠲᠠᠯᠠᠪᠠᠢ ᠪᠠᠷ ᠬᠦᠷᠴᠦ᠂ ᠪᠤᠳᠠᠳᠠᠢ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠢ ᠶᠢᠨ ᠲᠠᠯᠠᠪᠠᠢ ᠳᠤ ᠰᠠᠨᠠᠯ ᠢᠶᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠪᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃
       ᠶᠠᠩ ᠵᠢᠢ ᠫᠧᠩ᠂ ︽ᠬᠤᠶᠠᠷ ᠵᠠᠮ ᠬᠤᠶᠠᠷ ᠬᠥᠭᠦᠷᠭᠡ︾᠂ ᠲᠤᠯᠠᠭᠠᠯᠠᠭ᠎ᠠ ᠶᠢᠨ ᠢᠨᠵᠧᠨᠧᠷᠢᠩ ᠵᠡᠷᠭᠡ ᠲᠦᠷᠦᠯ ᠵᠦᠢᠯ ᠢ ᠬᠡᠷᠡᠭᠵᠢᠭᠦᠯᠬᠦ ᠪᠣᠯ ᠬᠤᠳᠠ ᠶᠢᠨ ᠰᠢᠨᠡᠴᠢᠯᠡᠯᠲᠡ ᠶᠢ ᠲᠦᠷᠭᠡᠨ ᠪᠡᠶᠡᠯᠡᠭᠦᠯᠬᠦ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢ ᠨᠡᠮᠡᠭᠳᠡᠭᠦᠯᠬᠦ ᠴᠢᠬᠤᠯᠠ ᠭᠠᠷᠳᠠᠴᠠ ᠮᠥᠨ᠂ ᠤᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠮᠥᠨ᠃ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠨ ᠪᠠᠷᠢᠯᠭ᠎ᠠ ᠶᠢᠨ ᠨᠢᠭᠡᠴᠢ ᠤᠳ ᠣᠳᠣᠬᠠᠨ ᠤ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠠᠮᠵᠢᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠰᠢᠢᠳᠪᠦᠷᠢᠯᠡᠬᠦ ᠰᠡᠳᠬᠢᠬᠦᠶ ᠪᠠᠨ ᠴᠢᠩᠭᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠢᠵᠠᠭᠠᠷᠯᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠢᠨᠵᠧᠨᠧᠷᠢᠩ ᠤᠨ ᠲᠥᠷᠥᠯ ᠵᠦᠢᠯ ᠤᠨ ᠬᠡᠪ ᠤᠨ ᠶᠣᠰᠣᠭᠠᠷ ᠠᠵᠢᠯᠯᠠᠵᠤ ᠂ ᠴᠠᠭ ᠲᠤᠬᠠᠶ ᠳᠤ ᠪᠠᠨ ᠪᠠᠷᠢᠯᠭ᠎ᠠ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃  
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号