ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠥᠷᠥ ᠶᠢᠨ ᠠᠵᠢᠯ ᠤᠨ ᠬᠤᠷᠠᠯ ᠶᠠᠨ ᠠᠨ ᠳᠤ ᠬᠤᠷᠠᠯᠳᠤᠪᠠ ᠰᠢ ᠶᠢᠨ ᠫᠢᠩ ᠬᠤᠷᠠᠯ ᠳᠤ ᠤᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠴᠠᠭ ᠦᠶ᠎ᠡ ᠶᠢᠨ ᠤᠯᠤᠰ ᠲᠥᠷᠥ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2024/6/24
     ᠰᠢᠨᠬᠤᠸᠠ ᠬᠤᠷᠢᠶ᠎ᠠ ᠶᠢᠨ ᠶᠠᠨ ᠠᠨ ᠤ 6 ᠰᠠᠷ᠎ᠠ ᠶᠢᠨ 19 ᠤ ᠴᠠᠭᠢᠯᠭᠠᠨ ᠮᠡᠳᠡᠭᠡ  ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ 17 ᠠᠴᠠ 19 ᠤ ᠡᠳᠦᠷ ᠪᠤᠯᠲᠠᠯ᠎ᠠ ᠱᠠᠨᠰᠢ ᠶᠢᠨ ᠶᠠᠨ ᠠᠨ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠪᠠᠷ ᠴᠡᠷᠢᠭ ᠪᠠᠶᠢᠭᠤᠯᠬᠤ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠢᠯᠪᠤᠷᠢᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦ ᠪᠠᠲᠤ ᠴᠢᠩᠭ᠎ᠠ᠂ ᠴᠢᠳᠠᠪᠤᠷᠢ ᠴᠠᠭᠠᠷᠠᠭᠰᠠᠨ ᠪᠠᠲᠤ ᠴᠢᠩᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢ ᠳᠠᠪᠲᠠᠨ ᠪᠤᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠴᠡᠷᠢᠭ ᠢ ᠬᠦᠴᠦᠷᠬᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ ᠪᠤᠯᠪᠠᠰᠤᠷᠠᠭᠤᠯᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
   6 ᠰᠠᠷ᠎ᠠ ᠶᠢᠨ 17 ᠠᠴᠠ 19 ᠤ ᠡᠳᠦᠷ ᠪᠤᠯᠲᠠᠯ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠱᠠᠨᠰᠢ ᠶᠢᠨ ᠶᠠᠨ ᠠᠨ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠪᠦᠦ ᠲᠠ ᠱᠠᠨ ᠠᠭᠤᠯᠠᠨ ᠬᠤᠷᠮᠣᠢ ᠳᠤ᠂ ᠶᠠᠨᠾᠧ ᠭᠤᠣᠯ ᠤᠨ ᠬᠥᠪᠡᠭᠡᠨ ᠳᠤ᠂ ᠬᠤᠪᠢᠰᠬᠠᠯ ᠤᠨ ᠭᠤᠯᠣᠮᠲᠠ ᠶᠠᠨ ᠠᠨ ᠬᠠᠷᠠᠭ᠎ᠠ ᠳᠦᠭᠦᠷᠡᠩ ᠴᠡᠯᠡᠭᠡᠷ ᠰᠠᠬᠤᠯᠢᠭ ᠪᠠᠶᠢᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 17 ᠤ ᠦᠳᠡ ᠶᠢᠨ ᠬᠤᠶᠢᠨᠠᠬᠢ 3 ᠴᠠᠭ ᠤᠨ ᠦᠶ᠎ᠡ ᠪᠠᠷ᠂ ᠰᠢ ᠶᠢᠨ ᠫᠢᠩ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠪᠠᠭ ᠤᠨ ᠬᠢᠨ ᠪᠣᠯᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ ᠸᠠᠩ ᠵᠢᠶᠠ ᠫᠢᠩ ᠤᠨ ᠬᠤᠪᠢᠰᠬᠠᠯ ᠤᠨ ᠬᠠᠭᠤᠴᠢᠨ ᠪᠠᠭᠤᠷᠢ ᠳᠤ ᠪᠠᠷᠠᠳᠠᠪᠠ᠃ ᠸᠠᠩ ᠵᠢᠶᠠ ᠫᠢᠩ ᠪᠣᠯ 1937 ᠣᠨ ᠤ 8 ᠰᠠᠷ᠎ᠠ ᠠᠴᠠ 1947 ᠣᠨ ᠤ 3 ᠰᠠᠷ᠎ᠠ ᠪᠤᠯᠲᠠᠯ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠠᠭᠤᠭ᠎ᠠ ᠭᠠᠵᠠᠷ ᠪᠠᠶᠢᠵᠤ᠂ ᠶᠠᠨ ᠠᠨ ᠤ ᠦᠶ᠎ᠡ ᠶᠢᠨ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠵᠢᠯᠤᠭᠤᠳᠬᠤ ᠲᠥᠪ ᠪᠣᠯᠣᠨ᠎ᠠ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠷᠠᠯ ᠤᠨ ᠭᠡᠷ ᠲᠤ᠂ ᠰᠢ ᠶᠢᠨ ᠫᠢᠩ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠶᠠᠨ ᠠᠨ ᠤ ᠴᠠᠭ ᠦᠶ᠎ᠡ ᠶᠢᠨ ᠴᠢᠬᠤᠯᠠ ᠶᠡᠭᠡ ᠳᠠᠶᠢᠯᠠᠯᠳᠤᠭᠠᠨ ᠢ ᠨᠢᠭᠡᠳᠦᠯᠲᠡᠢ ᠲᠥᠯᠥᠪᠯᠡᠨ ᠵᠢᠯᠣᠭᠤᠳᠤᠭᠰᠠᠨ ᠪᠠᠶᠢᠳᠠᠯ ᠢ ᠲᠤᠰᠬᠠᠭᠰᠠᠨ ᠲᠡᠦᠬᠡ ᠶᠢᠨ ᠵᠢᠷᠤᠭᠲᠤ ᠬᠦᠰᠦᠨᠦᠭᠲᠦ ᠶᠢ ᠦᠵᠡᠵᠦ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠤᠶᠤᠨ ᠤᠬᠠᠭᠠᠨ ᠪᠣᠯᠣᠨ ᠤᠷᠠᠯᠢᠭ ᠢ ᠣᠶᠢᠯᠠᠭᠠᠵᠠᠢ᠃ ᠰᠢ ᠶᠢᠨ ᠫᠢᠩ ᠮᠠᠤ ᠽᠧ ᠳ᠋ᠦᠩ᠂ ᠵᠧᠦ ᠧᠨ ᠯᠠᠢ᠂ ᠵᠦ ᠳ᠋ᠧ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠭᠤᠴᠢᠨ ᠰᠠᠭᠤᠴᠠ ᠳᠤ ᠬᠦᠷᠴᠦ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠶᠠᠨ ᠠᠨ ᠳᠤ ᠪᠠᠶᠢᠭᠰᠠᠨ ᠬᠤᠪᠢᠰᠬᠠᠯ ᠤᠨ ᠥᠩᠭᠡᠷᠡᠯᠲᠡ ᠶᠢ ᠡᠷᠭᠢᠴᠡᠭᠦᠯᠵᠦ᠂ ᠳᠡᠳᠡᠨ ᠤ ᠠᠭᠤᠤ ᠭᠠᠪᠢᠶ᠎ᠠ ᠠᠤᠭ᠎ᠠ ᠵᠢᠳᠬᠦᠯ ᠢ ᠳᠤᠷᠠᠰᠤᠨ ᠰᠠᠨᠠᠭᠠᠯᠵᠠᠪᠠ᠃ ︽ᠲᠤᠭᠤᠷ ᠤᠨ ᠤᠢ ᠶᠢᠨ ᠠᠭᠤᠳᠠᠮ ᠲᠠᠯᠠᠪᠠᠢ︾ ᠪᠠᠷ ᠥᠩᠭᠡᠷᠡᠬᠦ ᠳᠡᠭᠡᠨ᠂ ᠰᠢ ᠶᠢᠨ ᠫᠢᠩ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠢ ᠪᠦᠲᠦᠭᠡᠯᠴᠢ ᠪᠠᠷ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠤᠯᠠᠨ ᠲᠠᠢ ᠬᠠᠮᠲᠤ ᠲᠤᠬᠠᠢ ᠶᠢᠨ ᠵᠢᠯ ᠤᠨ ᠬᠤᠪᠢᠰᠬᠠᠯᠲᠤ ᠪᠠᠶᠠᠰᠤᠩᠭᠤᠢ ᠦᠵᠡᠯ ᠤᠨ ᠵᠣᠷᠢᠭ ᠰᠠᠨᠠᠭ᠎ᠠ ᠪᠠᠷ ᠪᠢᠯᠬᠠᠭᠰᠠᠨ ᠲᠠᠶᠢᠴᠢᠨ ᠠᠮᠢᠳᠤᠷᠠᠯ ᠢ ᠡᠷᠭᠢᠴᠡᠭᠦᠯᠪᠡ᠃ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠶᠣᠰᠣᠯᠠᠯ ᠤᠨ ᠲᠠᠩᠬᠢᠮ ᠳᠤ ᠂ ᠰᠢ ᠶᠢᠨ ᠫᠢᠩ ᠲᠡᠦᠬᠡ ᠶᠢᠨ ᠭᠡᠷᠡᠯ ᠵᠢᠷᠤᠭ ᠢ ᠨᠠᠷᠢᠯᠢᠭ ᠦᠵᠡᠵᠦ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠦᠭᠦ ᠦᠨᠳᠦᠰᠦᠲᠡᠨ ᠤ ᠶᠠᠫᠤᠨ ᠢ ᠡᠰᠡᠷᠭᠦᠴᠡᠬᠦ ᠲᠠᠶᠢᠨ ᠪᠣᠯᠣᠨ ᠴᠢᠯᠦᠭᠡᠯᠡᠬᠦ ᠲᠠᠶᠢᠨ ᠢ ᠤᠳᠤᠷᠢᠳᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠪᠡ᠃ ᠰᠢ ᠶᠢᠨ ᠫᠢᠩ᠂ 10 ᠵᠢᠯ ᠤᠨ ᠡᠮᠦᠨ᠎ᠡ ᠪᠢᠳᠡ ᠭᠦ᠋ ᠲᠢᠶᠠᠨ ᠳᠤ ᠬᠦᠷᠴᠦ ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠂ ᠡᠨᠡ ᠡᠳᠦᠷ ᠪᠢᠳᠡ ᠶᠠᠨ ᠠᠨ ᠳᠤ ᠢᠷᠡᠵᠦ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠠᠰᠠ ᠨᠢᠭᠡ ᠤᠳᠠᠭ᠎ᠠ ᠤᠭ ᠦᠨᠳᠦᠰᠦ ᠪᠠᠨ ᠡᠷᠢᠵᠦ᠂ ᠡᠬᠢ ᠡᠭᠦᠰᠦᠯ ᠢᠶᠠᠨ ᠬᠠᠶᠢᠪᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠠᠯᠤᠰ ᠢᠷᠡᠭᠡᠳᠦᠢ ᠭᠡᠭᠡᠨ ᠰᠠᠷᠠᠭᠤᠯ᠂ ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠪᠦᠭᠦ ᠴᠡᠷᠢᠭ ᠤᠨ ᠳᠡᠭᠡᠳᠦ ᠲᠡᠰ ᠤᠨ ᠺᠠᠳ᠋ᠷᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠠᠨ ᠠᠨ ᠤ ᠵᠣᠷᠢᠭ ᠰᠠᠨᠠᠭ᠎ᠠ ᠶᠢ ᠲᠦᠷᠦᠭᠦᠯᠡᠨ ᠪᠠᠳᠠᠷᠠᠭᠤᠯᠵᠤ᠂ ᠬᠤᠪᠢᠰᠬᠠᠯᠲᠤ ᠴᠢᠨᠠᠷᠲᠠᠢ ᠳᠠᠪᠲᠠᠨ ᠪᠣᠯᠪᠠᠰᠤᠷᠠᠭᠤᠯᠤᠯᠲᠠ ᠶᠢ ᠲᠦᠷᠦᠭᠦᠯᠡᠨ ᠴᠢᠩᠭᠠᠳᠬᠠᠵᠤ᠂ ᠨᠠᠮ ᠪᠣᠯᠣᠨ ᠠᠷᠠᠳ ᠲᠦᠮᠡᠨ ᠠᠴᠠ ᠣᠯᠭᠤᠭᠰᠠᠨ ᠲᠡᠦᠬᠡᠲᠦ ᠬᠦᠨᠳᠦ ᠡᠭᠦᠷᠭᠡ ᠶᠢ ᠡᠭᠦᠷᠭᠡᠯᠡᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠪᠦᠯᠬᠦᠮᠳᠡᠭᠦᠯᠦᠨ ᠳᠠᠭᠠᠭᠤᠯᠵᠤ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
   6 ᠰᠠᠷ᠎ᠠ ᠶᠢᠨ 17 ᠠᠴᠠ 19 ᠤ ᠡᠳᠦᠷ ᠪᠤᠯᠲᠠᠯ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠱᠠᠨᠰᠢ ᠶᠢᠨ ᠶᠠᠨ ᠠᠨ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ 17 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠷᠠᠯ ᠤᠨ ᠪᠦᠭᠦ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ    ᠲᠠᠷᠠᠭ᠎ᠠ ᠨᠢ᠂ ᠰᠢ ᠶᠢᠨ ᠫᠢᠩ ᠳᠤᠮᠳᠠᠳᠤ ᠤᠯᠤᠰ ᠤᠨ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠤᠨ ᠪᠦᠭᠦ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃    ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠭᠦ᠋ ᠲᠢᠶᠠᠨ ᠤ ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠠᠵᠢᠯ ᠢ ᠠᠬᠢᠭᠤᠯᠵᠤ᠂ ᠰᠢᠢᠳᠮᠡᠭ ᠵᠣᠷᠢᠭ ᠨᠢ ᠤᠷᠢᠳ ᠡᠮᠦᠨ᠎ᠡ ᠪᠠᠶᠢᠭ᠎ᠠ ᠦᠭᠡᠢ᠂ ᠡᠷᠴᠢᠮ ᠤᠨ ᠶᠡᠭᠡ ᠨᠢ ᠤᠷᠢᠳ ᠡᠮᠦᠨ᠎ᠡ ᠪᠠᠶᠢᠭ᠎ᠠ ᠦᠭᠡᠢ᠂ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠪᠠ᠃ ᠬᠡᠷᠪᠡ ᠤᠯᠤᠰ ᠲᠦᠷᠦ ᠶᠢᠨ ᠲᠠᠯ᠎ᠠ ᠪᠠᠷ ᠬᠢ ᠬᠤᠪᠢᠰᠬᠠᠯᠲᠤ ᠴᠢᠨᠠᠷᠲᠠᠢ ᠳᠠᠪᠲᠠᠯᠲᠠ ᠦᠭᠡᠢ ᠪᠣᠯ ᠰᠢᠨ᠎ᠡ ᠴᠠᠭ ᠦᠶ᠎ᠡ ᠶᠢᠨ ᠠᠷᠠᠳ ᠤᠨ ᠴᠡᠷᠢᠭ ᠠᠩᠭᠢ ᠶᠢᠨ ᠠᠭᠤᠤ ᠶᠡᠭᠡ ᠬᠤᠪᠢᠰᠤᠯᠲᠠ ᠪᠠᠶᠢᠵᠤ ᠴᠢᠳᠠᠬᠤ ᠦᠭᠡᠢ ᠶᠤᠮ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠤᠯᠤᠰ ᠲᠦᠷᠦ ᠪᠠᠷ ᠴᠡᠷᠢᠭ ᠪᠠᠶᠢᠭᠤᠯᠬᠤ ᠤᠨᠤᠯ ᠤᠨ ᠰᠦᠪᠡᠭᠴᠢᠯᠡᠯᠲᠡ ᠪᠠ ᠦᠢᠯᠡᠳᠦᠯᠭᠡ ᠶᠢᠨ ᠡᠭᠦᠳᠦᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠷᠢᠯᠳᠦᠭᠦᠯᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠪᠣᠯ ᠠᠷᠠᠳ ᠤᠨ ᠴᠡᠷᠢᠭ ᠠᠩᠭᠢ ᠶᠢᠨ ᠴᠡᠷᠢᠭ ᠪᠠᠶᠢᠭᠤᠯᠬᠤ ᠶᠢᠨ ᠦᠨᠳᠦᠰᠦ ᠮᠥᠨ ᠭᠡᠳᠡᠭ ᠢ ᠲᠣᠳᠣᠷᠬᠠᠶᠢᠯᠠᠵᠤ᠂ ᠤᠯᠤᠰ ᠲᠦᠷᠦ ᠶᠢᠨ ᠠᠵᠢᠯ ᠪᠣᠯ ᠮᠠᠨ ᠤ ᠴᠡᠷᠢᠭ ᠤᠨ ᠡᠭᠦᠷᠢᠳᠡ ᠶᠢᠨ ᠠᠮᠢᠨ ᠰᠤᠳᠠᠰᠤ ᠮᠥᠨ ᠭᠡᠳᠡᠭ ᠢ ᠲᠣᠳᠣᠷᠬᠠᠶᠢᠯᠠᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠳᠤ ᠤᠯᠤᠰ ᠲᠦᠷᠦ ᠶᠢᠨ ᠲᠠᠯ᠎ᠠ ᠪᠠᠷ ᠬᠢ ᠦᠨᠳᠦᠰᠦ ᠠᠴᠠ ᠨᠢ ᠴᠡᠭᠴᠡᠯᠡᠨ ᠵᠠᠰᠠᠬᠤ ᠶᠢ ᠲᠤᠪᠤᠶᠢᠯᠭᠠᠵᠦ᠂ ᠦᠵᠡᠯ ᠰᠠᠨᠠᠭᠠᠨ ᠤ ᠤᠳᠤᠷᠢᠳᠤᠯᠭ᠎ᠠ ᠶᠢ ᠡᠵᠡᠮᠳᠡᠬᠦ ᠪᠣᠯ ᠠᠯᠢᠪᠠ ᠤᠳᠤᠷᠢᠳᠤᠯᠭ᠎ᠠ ᠶᠢ ᠡᠵᠡᠮᠳᠡᠬᠦ ᠶᠢᠨ ᠰᠠᠭᠤᠷᠢ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠬᠦᠴᠦᠨ ᠵᠣᠬᠢᠶᠠᠨ ᠪᠠᠶᠢᠭᠤᠯᠤᠯᠲᠠ ᠠᠴᠠ ᠢᠷᠡᠬᠦ᠂ ᠴᠡᠷᠢᠭ ᠠᠩᠭᠢ ᠶᠢᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠵᠣᠬᠢᠶᠠᠨ ᠪᠠᠶᠢᠭᠤᠯᠤᠯᠲᠠ ᠠᠴᠠ ᠢᠷᠡᠬᠦ ᠭᠡᠳᠡᠭ ᠢ ᠲᠣᠳᠣᠷᠬᠠᠶᠢᠯᠠᠵᠤ᠂ ᠵᠡᠪᠰᠡᠭ ᠢ ᠢᠮᠠᠭᠲᠠ ᠨᠠᠮ ᠳᠠᠭᠠᠨ ᠦᠨᠡᠨᠴᠢ ᠰᠢᠳᠤᠷᠭᠤ ᠨᠠᠶᠢᠳᠠᠪᠤᠷᠢᠲᠠᠢ ᠬᠥᠮᠥᠨ ᠤ ᠭᠠᠷ ᠲᠤ ᠡᠵᠡᠮᠳᠡᠭᠦᠯᠬᠦ ᠬᠡᠷᠡᠭᠲᠡᠢ ᠭᠡᠳᠡᠭ ᠢ ᠲᠣᠳᠣᠷᠬᠠᠶᠢᠯᠠᠵᠤ᠂ ᠴᠢᠩᠭ᠎ᠠ ᠪᠠᠶᠢᠪᠠᠯ ᠰᠠᠶ᠋ᠢ ᠬᠥᠲᠥᠯᠪᠦᠷᠢ ᠶᠢ ᠲᠥᠪ ᠪᠤᠯᠭᠠᠵᠤ᠂ ᠴᠢᠩᠭ᠎ᠠ ᠪᠠᠶᠢᠪᠠᠯ ᠰᠠᠶ᠋ᠢ ᠴᠡᠷᠢᠭ ᠤᠨ ᠰᠦᠷ ᠬᠦᠴᠦᠨ ᠢ ᠴᠢᠩᠳᠠᠯᠠᠵᠤ᠂ ᠴᠢᠩᠭ᠎ᠠ ᠪᠠᠶᠢᠪᠠᠯ ᠰᠠᠶ᠋ᠢ ᠲᠠᠶᠢᠴᠢᠨ ᠬᠦᠴᠦᠨ ᠲᠠᠢ ᠪᠣᠯᠵᠤ ᠴᠢᠳᠠᠨ᠎ᠠ ᠭᠡᠳᠡᠭ ᠢ ᠲᠣᠳᠣᠷᠬᠠᠶᠢᠯᠠᠵᠤ᠂ ᠴᠡᠷᠢᠭ ᠠᠩᠭᠢ ᠶᠢᠨ ᠳᠣᠲᠣᠭᠠᠳᠤ ᠳᠤ ᠶᠠᠭᠠᠬᠢᠭᠰᠠᠨ ᠴᠤ ᠢᠯᠵᠠᠷᠠᠮᠠᠯ ᠡᠲᠡᠭᠡᠳ ᠤᠨ ᠪᠡᠶ᠎ᠡ ᠳᠠᠯᠳᠠᠯᠠᠬᠤ ᠭᠠᠵᠠᠷ ᠪᠠᠶᠢᠵᠤ ᠪᠤᠯᠬᠤ ᠦᠭᠡᠢ ᠭᠡᠳᠡᠭ ᠢ ᠲᠣᠳᠣᠷᠬᠠᠶᠢᠯᠠᠵᠤ᠂ ᠰᠤᠷᠲᠠᠯ ᠰᠢᠯᠢᠳᠡᠭ ᠰᠠᠶᠢᠨ ᠪᠠᠶᠢᠮᠠᠨᠵᠢᠨ ᠰᠠᠶ᠋ᠢ ᠪᠠᠭᠠᠲᠤᠷᠯᠢᠭ ᠴᠡᠷᠢᠭ ᠠᠩᠭᠢ ᠶᠢ ᠪᠠᠶᠢᠭᠤᠯᠵᠤ ᠲᠠᠶᠢᠯᠤᠨ᠎ᠠ ᠭᠡᠳᠡᠭ ᠢ ᠲᠣᠳᠣᠷᠬᠠᠶᠢᠯᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠪᠣᠯ ᠮᠠᠨ ᠤ ᠴᠡᠷᠢᠭ ᠤᠨ ᠢᠯᠠᠯᠲᠠ ᠣᠯᠬᠤ ᠡᠷᠳᠡᠨᠢ ᠮᠥᠨ ᠭᠡᠳᠡᠭ ᠢ ᠲᠣᠳᠣᠷᠬᠠᠶᠢᠯᠠᠪᠠ᠃ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ ᠣᠨᠣᠪᠴᠢᠲᠠᠢ ᠰᠤᠷᠤᠯᠴᠠᠨ ᠣᠶᠢᠯᠠᠭᠠᠵᠤ᠂ ᠥᠴᠥᠬᠡᠨ ᠴᠦ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠥᠭᠡᠳ ᠦᠢᠯᠡᠳᠦᠯᠭᠡ ᠶᠢᠨ ᠳᠤᠮᠳᠠ ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠪᠠᠶᠢᠳᠠᠯ᠂ ᠤᠯᠤᠰ ᠤᠨ ᠪᠠᠶᠢᠳᠠᠯ᠂ ᠨᠠᠮ ᠤᠨ ᠪᠠᠶᠢᠳᠠᠯ᠂ ᠴᠡᠷᠢᠭ ᠤᠨ ᠪᠠᠶᠢᠳᠠᠯ ᠳᠤ ᠴᠥᠮ ᠨᠠᠷᠢᠨ ᠪᠤᠳᠤᠯᠢᠶᠠᠨᠲᠠᠢ ᠭᠦᠨᠵᠡᠭᠡᠢ ᠬᠤᠪᠢᠷᠠᠯᠲᠠ ᠭᠠᠷᠴᠤ᠂ ᠮᠠᠨ ᠤ ᠴᠡᠷᠢᠭ ᠤᠨ ᠤᠯᠤᠰ ᠲᠦᠷᠦ ᠶᠢᠨ ᠲᠠᠯ᠎ᠠ ᠪᠠᠷ ᠲᠤᠯᠭᠠᠷᠠᠵᠤ ᠪᠠᠶᠢᠭ᠎ᠠ ᠰᠢᠯᠭᠠᠯᠲᠠ ᠨᠠᠷᠢᠨ ᠪᠤᠳᠤᠯᠢᠶᠠᠨᠲᠠᠢ ᠪᠠᠶᠢᠨ᠎ᠠ᠃ ᠤᠯᠤᠰ ᠲᠦᠷᠦ ᠪᠠᠷ ᠴᠡᠷᠢᠭ ᠪᠠᠶᠢᠭᠤᠯᠬᠤ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠢ ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ᠂ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ ᠵᠣᠷᠢᠯᠲᠠ ᠪᠠᠨ ᠡᠭᠦᠷᠢᠳᠡ ᠬᠠᠳᠠᠭᠠᠯᠠᠵᠤ᠂ ᠢᠮᠠᠭᠲᠠ ᠵᠣᠷᠢᠭᠲᠠᠢ ᠪᠠᠷ ᠪᠠᠶᠢᠯᠳᠤᠵᠤ ᠵᠠᠪᠠᠯ ᠢᠯᠠᠯᠲᠠ ᠣᠯᠵᠤ᠂ ᠢᠮᠠᠭᠲᠠ ᠪᠦᠯᠬᠦᠮᠳᠡᠨ ᠲᠡᠮᠡᠴᠡᠵᠦ᠂ ᠢᠮᠠᠭᠲᠠ ᠴᠢᠳᠠᠪᠤᠷᠢᠲᠠᠨ ᠴᠣᠯᠭᠤᠷᠠᠵᠤ᠂ ᠢᠮᠠᠭᠲᠠ ᠴᠡᠪᠡᠷ ᠴᠢᠬᠡᠴᠢ ᠥᠩᠭᠡ ᠭᠡᠷᠡᠯ ᠲᠠᠢ ᠪᠠᠶᠢᠵᠤ᠂ ᠢᠮᠠᠭᠲᠠ ᠬᠠᠤᠯᠢ ᠴᠠᠭᠠᠵᠠ ᠰᠠᠬᠢᠯᠭ᠎ᠠ ᠪᠠᠲᠤ ᠶᠢ ᠴᠢᠩᠳᠠᠯᠠᠵᠤ᠂ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠮᠠᠨ ᠤ ᠴᠡᠷᠢᠭ ᠤᠨ ᠤᠯᠤᠰ ᠲᠦᠷᠦ ᠶᠢᠨ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠣᠳᠣᠬᠠᠨ ᠤ ᠤᠯᠤᠰ ᠲᠥᠷᠥ ᠪᠠᠷ ᠴᠡᠷᠢᠭ ᠪᠠᠶᠢᠭᠤᠯᠬᠤ ᠶᠢᠨ ᠰᠢᠢᠳᠪᠦᠷᠢᠯᠡᠬᠦ ᠴᠢᠬᠤᠯᠠᠲᠠᠢ ᠭᠦᠨ ᠳᠠᠪᠬᠤᠷᠭ᠎ᠠ ᠶᠢᠨ ᠵᠥᠷᠢᠴᠡᠯ ᠪᠣᠯᠣᠨ ᠠᠰᠠᠭᠤᠳᠠᠯ ᠢ ᠭᠦᠨᠵᠡᠭᠡᠢ ᠵᠠᠳᠠᠯᠪᠠ᠃ ᠲᠡᠷᠡ᠂ ᠡᠳᠡᠭᠡᠷ ᠠᠰᠠᠭᠤᠳᠠᠯ ᠨᠢ ᠤᠯᠤᠰ ᠲᠦᠷᠦ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠤᠷᠲᠠᠯ᠂ ᠰᠠᠬᠢᠯᠭ᠎ᠠ ᠪᠠᠲᠤ ᠵᠡᠷᠭᠡ ᠲᠠᠯ᠎ᠠ ᠪᠠᠷ ᠢᠯᠡᠷᠡᠵᠦ᠂ ᠦᠨᠳᠦᠰᠦ ᠨᠢ ᠬᠦᠰᠡᠯᠡᠩ ᠢᠲᠡᠭᠡᠯ ᠪᠢᠰᠢᠷᠡᠯ᠂ ᠨᠠᠮᠴᠢ ᠴᠢᠨᠠᠷ ᠤᠨ ᠬᠡᠪ ᠪᠣᠯᠪᠠᠰᠤᠷᠠᠯ᠂ ᠤᠳᠤᠷᠢᠳᠬᠤ ᠺᠠᠳ᠋ᠷᠴᠤᠳ ᠤᠨ ᠶᠣᠰᠣ ᠮᠣᠷᠠᠯ ᠬᠥᠮᠥᠨ ᠮᠥᠰᠥ ᠳᠡᠭᠡᠷ᠎ᠡ ᠪᠠᠶᠢᠨ᠎ᠠ᠃ ᠡᠯ᠎ᠡ ᠱᠠᠲᠤ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠥᠪᠡᠷ ᠢ ᠪᠠᠨ ᠲᠣᠯᠢᠳᠠᠵᠤ᠂ ᠨᠢᠭᠤᠷ ᠲᠠᠯ᠎ᠠ ᠬᠠᠶᠠᠬᠤ᠂ ᠳᠤᠲᠠᠭᠳᠠᠯ ᠢᠶᠠᠨ ᠢᠯᠡᠴᠢᠯᠡᠬᠦ ᠰᠥᠰᠥ ᠵᠣᠷᠢᠭ ᠢᠶᠠᠷ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠰᠦᠭ ᠰᠦᠨᠡᠰᠦ ᠶᠢ ᠭᠦᠨᠳᠡᠭᠦ ᠣᠪᠣᠷ ᠢᠶᠠᠷ ᠭᠦᠨᠵᠡᠭᠡᠢ ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠦᠵᠡᠯ ᠰᠠᠨᠠᠭᠠᠨ ᠤ ᠦᠨᠳᠦᠰᠦᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠤᠰ ᠲᠥᠷᠥ ᠪᠠᠷ ᠴᠡᠷᠢᠭ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠰᠢᠨ᠎ᠡ ᠠᠶᠠᠨ ᠳᠤ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠳᠤ 6 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠨᠢᠭᠡᠳᠦᠭᠡᠷ ᠲᠤ᠂ ᠦᠵᠡᠯ ᠰᠠᠨᠠᠭ᠎ᠠ ᠪᠠᠨ ᠥᠭᠡᠷᠡᠴᠢᠯᠡᠬᠦ ᠤᠬᠠᠮᠰᠠᠷᠲᠤ ᠴᠢᠨᠠᠷ ᠪᠠ ᠲᠦᠢᠯᠪᠤᠷᠢᠲᠤ ᠴᠢᠨᠠᠷ ᠢᠶᠠᠨ ᠴᠢᠩᠭᠠᠳᠬᠠᠨ᠎ᠠ᠃ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠣᠶᠢᠯᠠᠭᠠᠵᠤ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠳᠡᠭᠡᠳᠦ ᠲᠡᠰ ᠤᠨ ᠺᠠᠳ᠋ᠷ ᠲᠤ ᠡᠩ ᠲᠡᠷᠢᠭᠦᠨ ᠳᠤ ᠬᠥᠮᠦᠵᠢᠯ ᠬᠦᠷᠲᠡᠭᠡᠬᠦ ᠶᠢ ᠪᠠᠷᠢᠮᠲᠠᠯᠠᠵᠤ᠂ ᠮᠠᠨ ᠤ ᠴᠡᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ ᠬᠥᠮᠦᠵᠢᠯ ᠤᠨ ᠰᠢᠰᠲ᠋ᠧᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠬᠤ ᠤᠳᠤᠷᠢᠳᠤᠮᠵᠢ ᠶᠢ ᠪᠠᠲᠤ ᠪᠤᠢ ᠪᠣᠯᠭᠠᠨ᠎ᠠ᠃ ᠬᠤᠶᠠᠳᠤᠭᠠᠷ ᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠭᠦᠢᠴᠡᠳᠬᠡᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠶᠢ ᠠᠳᠬᠤᠬᠤ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠡᠯ᠎ᠡ ᠬᠦᠷᠢᠶ᠎ᠡ ᠪᠠ ᠪᠦᠭᠦ ᠶᠠᠪᠤᠴᠠ ᠳᠤ ᠲᠤᠭᠤᠰᠢᠯᠠᠭᠤᠯᠤᠨ᠎ᠠ᠃ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠶᠢᠨ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠢ ᠰᠢᠯᠢᠳᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠴᠦ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃ ᠨᠠᠮ ᠤᠨ ᠬᠤᠷᠢᠶ᠎ᠠ ᠶᠢᠨ ᠱᠦᠵᠢ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠭᠤᠷᠪᠠᠳᠤᠭᠠᠷ ᠲᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ ᠴᠡᠷᠢᠭ ᠠᠩᠭᠢ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠦᠷᠢᠨ ᠪᠦᠲᠦᠨ ᠵᠥᠪ ᠣᠨᠣᠪᠴᠢᠲᠠᠢ ᠣᠶᠢᠯᠠᠭᠠᠨ ᠡᠵᠡᠮᠰᠢᠵᠦ᠂ ᠡᠨᠡ ᠬᠦ ᠪᠠᠷᠢᠮᠵᠢᠶ᠎ᠠ ᠶᠢ ᠺᠠᠳ᠋ᠷᠴᠤᠳ ᠤᠨ ᠠᠵᠢᠯ ᠤᠨ ᠡᠯ᠎ᠡ ᠭᠤᠭᠴᠤᠭ᠎ᠠ ᠳᠤ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠺᠠᠳ᠋ᠷ ᠢ ᠬᠢᠨᠠᠨ ᠰᠢᠯᠭᠠᠬᠤ ᠠᠵᠢᠯ ᠢ ᠰᠠᠶᠢᠵᠢᠷᠠᠭᠤᠯᠵᠤ᠂ ᠬᠡᠷᠡᠭ ᠤᠴᠢᠷ ᠢ ᠣᠶᠢᠯᠠᠭᠠᠵᠤ ᠬᠥᠮᠥᠨ ᠢ ᠲᠠᠨᠢᠬᠤ ᠳᠤ ᠨᠠᠷᠢᠯᠢᠭ ᠣᠨᠣᠴᠠᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠭᠦ ᠬᠡᠯᠬᠢᠶ᠎ᠡ ᠵᠠᠮ ᠢᠶᠠᠷ ᠪᠦᠲᠦᠭᠡᠨ ᠪᠠᠶᠢᠭᠤᠯᠤᠯᠲᠠ ᠶᠢ ᠠᠳᠬᠤᠬᠤ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠳᠠᠪᠤᠷᠢᠲᠠᠨ ᠢ ᠬᠥᠮᠥᠵᠢᠭᠦᠯᠬᠦ ᠶᠢ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠠᠳᠬᠤᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡᠳᠦᠭᠡᠷ ᠲᠤ᠂ ᠢᠯᠵᠠᠷᠠᠯ ᠤᠨ ᠡᠭᠦᠰᠦᠨ ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠨ᠎ᠠ᠃ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠰᠢᠰᠲ᠋ᠧᠮ ᠲᠠᠢ ᠵᠠᠰᠠᠵᠤ᠂ ᠨᠠᠮ ᠤᠨ ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠴᠢᠬᠡᠴᠢ ᠵᠠᠰᠠᠭ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠶᠢ ᠨᠡᠪᠲᠡᠷᠡᠯᠴᠡᠭᠦᠯᠦᠨ ᠪᠣᠳᠠᠲᠠᠶᠢᠵᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠴᠡ ᠥᠷᠭᠡᠴᠡ ᠶᠢ ᠥᠷᠭᠡᠳᠬᠡᠨ᠎ᠡ᠃ ᠡᠷᠬᠡ ᠶᠢᠨ ᠲᠣᠬᠢᠷᠠᠭᠤᠯᠤᠯᠲᠠ ᠪᠠ ᠠᠵᠢᠯᠯᠠᠭᠠᠨ ᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ ᠰᠢᠢᠳᠬᠡᠬᠦ ᠪᠠᠭᠠᠵᠢ ᠶᠢᠨ ᠬᠠᠶᠢᠷᠴᠠᠭ ᠢ ᠪᠠᠶᠠᠯᠢᠭᠵᠢᠭᠤᠯᠤᠨ᠂ ᠳᠡᠭᠡᠳᠦ ᠳᠡᠰ ᠤᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ ᠪᠠᠨ ᠬᠡᠷᠡᠭᠯᠡᠬᠦ ᠲᠠᠯ᠎ᠠ ᠪᠠᠷ ᠬᠢ ᠪᠦᠭᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠪᠤᠳᠤᠭᠠᠷ ᠲᠤ᠂ ᠠᠵᠢᠯ ᠬᠢᠵᠦ ᠦᠢᠯᠡᠰ ᠪᠣᠰᠬᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠨ᠎ᠡ᠃ ᠰᠢᠨᠵᠢᠯᠡᠬᠦ ᠤᠬᠠᠭᠠᠨᠴᠢ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠴᠢᠯᠡᠵᠦ᠂ ︽ᠲᠠᠪᠤᠨ ᠤᠯᠠᠨ︾ ᠢ ᠭᠦᠨᠵᠡᠭᠡᠢ ᠵᠠᠯᠠᠷᠠᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠴᠡᠷᠢᠭ ᠬᠥᠮᠥᠨ ᠤ ᠣᠯᠭᠤᠮᠵᠢ ᠶᠢᠨ ᠪᠠᠲᠤᠯᠠᠭ᠎ᠠ ᠵᠡᠷᠭᠡ ᠲᠦᠷᠦ ᠶᠢᠨ ᠪᠣᠳᠣᠯᠭ᠎ᠠ ᠳᠦᠷᠢᠮ ᠢ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠣᠮᠧᠲᠷ︾ ᠢ ᠨᠠᠪᠲᠠᠷᠡᠭᠦᠯᠵᠦ᠂ ᠦᠨᠳᠦᠰᠦᠨ ᠱᠠᠲᠤᠨ ᠤ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠳᠠᠷᠤᠭ᠎ᠠ ᠪᠠᠶᠢᠯᠳᠤᠭᠴᠢ ᠶᠢᠨ ᠬᠦᠷᠲᠡᠮᠵᠢ ᠶᠢᠨ ᠲᠥᠷᠥᠭᠳᠡᠯ ᠪᠣᠯᠣᠨ ᠬᠠᠷᠢᠶᠠᠯᠠᠭᠳᠠᠬᠤ ᠲᠥᠷᠥᠭᠳᠡᠯ ᠢ ᠨᠡᠮᠡᠭᠳᠡᠭᠦᠯᠦᠨ᠎ᠡ᠃ ᠵᠢᠷᠭᠤᠳᠤᠭᠠᠷ ᠲᠤ᠂ ᠤᠯᠤᠰ ᠲᠦᠷᠦ ᠶᠢᠨ ᠠᠵᠢᠯ ᠤᠨ ᠰᠢᠯᠢᠳᠡᠭ ᠤᠯᠠᠮᠵᠢᠯᠠᠯ ᠢ ᠰᠡᠷᠭᠦᠭᠡᠨ ᠪᠠᠳᠠᠷᠠᠭᠤᠯᠤᠨ᠎ᠠ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠭᠦ ᠨᠢ ᠬᠡᠯᠡᠵᠦ ᠰᠤᠷᠭᠠᠬᠤ ᠠᠴᠠ ᠳᠡᠭᠡᠷ᠎ᠡ ᠪᠠᠶᠢᠬᠤ ᠶᠢ ᠪᠠᠷᠢᠮᠲᠠᠯᠠᠵᠤ᠂ ᠡᠯ᠎ᠡ ᠱᠠᠲᠤ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠴᠠᠭᠠᠷᠠᠭᠰᠠᠨ ᠰᠤᠷᠲᠠᠯ ᠪᠠ ᠳᠦᠷᠢ ᠲᠥᠷᠬᠦ ᠪᠠᠷ ᠴᠡᠷᠢᠭ ᠠᠩᠭᠢ ᠶᠢ ᠤᠷᠢᠶᠠᠯᠠᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠪᠣᠯ ᠪᠦᠭᠦ ᠴᠡᠷᠢᠭ ᠤᠨ ᠬᠠᠮᠲᠤ ᠶᠢᠨ ᠬᠠᠷᠢᠭᠤᠴᠠᠯᠭ᠎ᠠ ᠮᠥᠨ᠂ ᠴᠡᠷᠢᠭ ᠤᠨ ᠶᠠᠪᠤᠳᠠᠯ ᠤᠨ ᠬᠤᠷᠢᠶ᠎ᠠ ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠮᠠᠨ ᠤ ᠨᠠᠮ ᠤᠨ ᠤᠳᠤᠷᠢᠳᠤᠭᠰᠠᠨ ᠡᠨᠡ ᠬᠦ ᠪᠠᠭᠠᠲᠤᠷᠯᠢᠭ ᠴᠡᠷᠢᠭ ᠠᠩᠭᠢ ᠶᠢ ᠨᠡᠩ ᠪᠠᠲᠤ ᠴᠢᠩᠭ᠎ᠠ ᠪᠣᠯᠭᠠᠨ ᠪᠤᠯᠪᠠᠰᠤᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ ᠴᠡᠷᠢᠭ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃    ᠡᠨᠡ ᠤᠳᠠᠭ᠎ᠠ ᠶᠢᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠢ ᠰᠢ ᠶᠢᠨ ᠫᠢᠩ ᠪᠡᠶ᠎ᠡ ᠪᠠᠷ ᠢᠶᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ ᠬᠤᠷᠠᠯᠳᠤᠭᠤᠯᠤᠭᠰᠠᠨ ᠶᠤᠮ᠃ ᠬᠤᠷᠠᠯ ᠠᠴᠠ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃    ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ ᠵᠠᠩ ᠶᠢᠦ ᠰᠢᠶᠠ᠂ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ ᠬᠤᠷᠠᠯ ᠳᠤ ᠣᠷᠣᠯᠴᠠᠪᠠ᠃ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠵᠢᠯᠤᠭᠤᠳᠬᠤ ᠲᠥᠪ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号