ᠰᠢ ᠶᠢᠨ ᠫᠢᠩ 2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/6/24
      ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ 6 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃ ᠰᠢ ᠶᠢᠨ ᠫᠢᠩ᠂ ᠵᠣᠬᠢᠶᠠᠮᠠᠯ ᠤᠶᠤᠨ ᠴᠢᠳᠠᠪᠤᠷᠢ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠴᠢᠬᠤᠯᠠ ᠬᠥᠳᠡᠯᠭᠡᠬᠦ ᠬᠦᠴᠦᠨ ᠮᠥᠨ᠂ ᠪᠦᠭᠦ ᠪᠥᠮᠪᠥᠷᠴᠡᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠠᠯᠤᠰ ᠭᠡᠳᠤ ᠶᠢᠨ ᠨᠥᠯᠥᠭᠡ ᠦᠵᠡᠭᠦᠯᠭᠦ ᠪᠣᠯᠣᠨ᠎ᠠ᠃ ᠳᠤᠮᠳᠠᠳᠤ ᠤᠯᠤᠰ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠣᠶᠤᠨᠴᠢ ᠴᠢᠳᠠᠪᠤᠷᠢ ᠶᠢᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠴᠢᠳᠠᠪᠤᠷᠢ ᠬᠠᠩᠭᠠᠪᠠ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠲᠣᠭᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠬᠥᠭᠵᠢᠯᠲᠡ ᠶᠢᠨ ᠠᠵᠠ ᠲᠣᠭᠢᠶᠠᠯ ᠢ ᠡᠵᠡᠮᠳᠡᠵᠦ᠂ ᠵᠣᠬᠢᠶᠠᠮᠠᠯ ᠤᠶᠤᠨ ᠴᠢᠳᠠᠪᠤᠷᠢ ᠶᠢᠨ ᠬᠥᠭᠵᠢᠯᠲᠡ ᠪᠣᠯᠣᠨ ᠵᠠᠰᠠᠯᠲᠠ ᠶᠢᠨ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠣᠬᠢᠶᠠᠮᠠᠯ ᠤᠶᠤᠨ ᠴᠢᠳᠠᠪᠤᠷᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ᠂ ᠡᠯ᠎ᠡ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃     2024 ᠳᠡᠯᠡᠬᠡᠢ ᠶᠢᠨ ᠣᠶᠤᠨᠴᠢ ᠴᠢᠳᠠᠪᠤᠷᠢ ᠶᠢᠨ ᠠᠵᠤ ᠦᠢᠯᠡᠰ ᠤᠨ ᠦᠵᠡᠰᠭᠦᠯᠡᠩ ᠤᠨ ᠴᠤᠭᠯᠠᠭᠠᠨ ᠨᠢ ︽ᠣᠶᠤᠨᠴᠢ ᠶᠢᠷᠲᠢᠨᠴᠦ᠂ ᠴᠠᠬᠢᠮ ᠢᠷᠡᠭᠡᠳᠦᠢ︾ ᠪᠠᠷ ᠭᠤᠣᠯ ᠰᠡᠳᠦᠪ ᠪᠤᠯᠭᠠᠵᠤ᠂ ᠲᠢᠶᠠᠨᠵᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠴᠦᠩᠴᠢᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ᠂ ᠲᠣᠰ ᠡᠳᠦᠷ ᠲᠢᠶᠠᠨᠵᠢᠨ ᠬᠤᠲᠠ ᠳᠤ ᠡᠬᠢᠯᠡᠪᠡ᠃
 
ᠢᠷᠡᠯᠲᠡ᠄ ᠦᠪᠣᠷ ᠮᠣᠩᠭᠤᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号