ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/24
     ︵ᠰᠢᠨᠬᠤᠸᠠ ᠬᠤᠷᠢᠶ᠎ᠠ ᠶᠢᠨ ᠰᠢᠨᠢᠩ ᠤᠨ 6 ᠰᠠᠷ᠎ᠠ ᠶᠢᠨ 20 ᠤ ᠴᠠᠭᠢᠯᠭᠠᠨ ᠮᠡᠳᠡᠭᠡ︶ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠬᠥᠬᠡᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ᠂ ᠬᠥᠬᠡᠨᠠᠭᠤᠷ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠠᠬᠢ ᠬᠥᠬᠡᠨᠠᠭᠤᠷ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠲᠡ ᠶᠢ ᠥᠷᠭᠡᠳᠬᠡᠬᠦ ᠶᠢ ᠪᠠᠷᠢᠮᠲᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠠᠯ᠎ᠠ ᠪᠠᠷ ᠨᠠᠩ ᠶᠡᠭᠡ ᠠᠬᠢᠯᠲᠠ ᠲᠠᠢ ᠪᠣᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠬᠡᠨᠠᠭᠤᠷ ᠤᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ
     6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠦᠬᠡᠨᠠᠭᠤᠷ ᠲᠤ  ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠭᠤᠯᠤᠭ ᠰᠢᠨᠢᠩ ᠤᠨ ᠦᠨᠳᠤᠰᠤᠳᠡᠨ ᠤ ᠳᠤᠮᠳᠠᠳᠤ ᠰᠤᠷᠭᠠᠭᠤᠯᠢ ᠳᠤ ᠰᠢᠨᠵᠢᠯᠡᠨ ᠪᠠᠶᠢᠴᠠᠭᠠᠬᠤ ᠳᠠᠭᠠᠨ ᠪᠠᠭᠰᠢ ᠰᠤᠷᠤᠬᠴᠢᠳ ᠲᠠᠢ ᠲᠤᠳᠤᠨᠤ ᠪᠠᠷ ᠶᠠᠷᠢᠯᠴᠠᠵᠤ ᠪᠠᠶᠢᠭ᠎ᠠ ᠨᠢ᠃
     6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠦᠬᠡᠨᠠᠭᠤᠷ ᠲᠤ ᠰᠢᠨᠵᠢᠯᠡᠨ ᠪᠠᠶᠢᠴᠠᠭᠠᠪᠠ᠃ ᠵᠢᠷᠤᠭ ᠪᠣᠯ 18 ᠤ ᠦᠳᠡ ᠶᠢᠨ ᠬᠤᠶᠢᠨ᠎ᠠ᠂ ᠰᠢ ᠶᠢᠨ ᠫᠢᠩ ᠰᠢᠨᠢᠩ ᠬᠤᠳᠠ  ᠶᠢᠨ ᠴᠧᠩ ᠵᠦᠩ ᠲᠤᠭᠤᠷᠢᠭ ᠲᠤ ᠪᠠᠶᠢᠷᠢᠯᠠᠵᠤ ᠪᠠᠶᠢᠭ᠎ᠠ ᠮᠠᠰᠢᠳᠠ ᠰᠡᠭᠡᠭᠡᠷᠡᠬᠦᠯᠦᠭᠴᠢ ᠬᠡᠶᠢᠳ ᠲᠤ ᠰᠢᠨᠵᠢᠯᠡᠨ ᠪᠠᠶᠢᠴᠠᠭᠠᠵᠤ ᠪᠠᠶᠢᠭ᠎ᠠ ᠨᠢ᠃      6 ᠰᠠᠷ᠎ᠠ ᠶᠢᠨ 18 ᠠᠴᠠ 19 ᠤ ᠡᠳᠦᠷ ᠪᠤᠯᠲᠠᠯ᠎ᠠ᠂ ᠰᠢ ᠶᠢᠨ ᠫᠢᠩ ᠬᠦᠬᠡᠨᠠᠭᠤᠷ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠴᠧᠨ ᠭᠠᠩ ᠪᠣᠯᠣᠨ ᠮᠤᠵᠢ ᠶᠢᠨ ᠳᠠᠷᠤᠭ᠎ᠠ ᠦ᠋ ᠰᠢᠶᠤᠤ ᠵᠢᠶᠦ᠋ᠨ ᠤ ᠪᠠᠷ᠎ᠠ ᠪᠤᠯᠣᠯᠭ᠎ᠠ ᠲᠠᠢ ᠪᠠᠷ ᠰᠢᠨᠢᠩ ᠬᠤᠳᠠ ᠶᠢᠨ  ᠰᠤᠷᠭᠠᠭᠤᠯᠢ᠂ ᠱᠠᠰᠢᠨ ᠰᠤᠷᠳᠠᠬᠤᠨ ᠤ ᠲᠠᠯᠠᠪᠤᠷ ᠭᠠᠵᠠᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠪᠠ᠃    18 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠯᠤᠭ ᠰᠢᠨᠢᠩ ᠤᠨ ᠦᠨᠳᠦᠰᠦᠲᠡᠨ ᠤ ᠳᠤᠮᠳᠠᠳᠤ ᠰᠤᠷᠭᠠᠭᠤᠯᠢ ᠳᠤ ᠬᠦᠷᠴᠦ ᠰᠢᠨᠵᠢᠯᠡᠨ ᠪᠠᠶᠢᠴᠠᠭᠠᠪᠠ᠃ ᠡᠨᠡ ᠪᠣᠯ ᠭᠤᠯᠤᠭ ᠲᠥᠪᠡᠳ ᠦᠨᠳᠦᠰᠦᠲᠡᠨ ᠤ ᠥᠪᠡᠷᠲᠡᠭᠡᠨ ᠵᠠᠰᠠᠬᠤ ᠵᠧᠦ ᠳᠤ ᠬᠠᠷᠢᠶᠠᠯᠠᠭᠳᠠᠬᠤ ᠪᠠᠶᠢᠷᠢ ᠳᠤ ᠰᠠᠭᠤᠬᠤ ᠳᠦᠷᠢᠮᠲᠦ ᠳᠤᠮᠳᠠᠳᠤ ᠰᠤᠷᠭᠠᠭᠤᠯᠢ ᠪᠠᠶᠢᠵᠤ᠂ ᠱᠠᠩᠬᠠᠢ ᠬᠤᠲᠠ ᠠᠴᠠ ᠪᠡᠯᠡ ᠣᠷᠣᠭᠤᠯᠤᠨ ᠲᠤᠰᠠᠯᠠᠨ ᠪᠠᠶᠢᠭᠤᠯᠪᠠ᠃ ᠰᠢ ᠶᠢᠨ ᠫᠢᠩ ᠱᠠᠩᠬᠠᠢ ᠵᠡᠷᠭᠡ ᠵᠡᠭᠦᠨ ᠬᠡᠰᠡᠭ ᠤᠨ ᠭᠠᠵᠠᠷ ᠣᠷᠣᠨ ᠤ ᠬᠥᠬᠡᠨᠠᠭᠤᠷ ᠤᠨ ᠰᠤᠷᠭᠠᠨ ᠬᠥᠮᠦᠵᠢᠯ ᠤᠨ ᠠᠵᠢᠯ ᠪᠠ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠲᠤᠰᠠᠯᠠᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠰᠤᠷᠤᠬᠴᠢᠳ ᠤᠨ ᠪᠦᠷᠢᠯᠳᠦᠴᠡ᠂ ᠬᠢᠴᠢᠶᠡᠯ ᠤᠨ ᠲᠣᠬᠢᠷᠠᠭᠤᠯᠤᠯᠲᠠ᠂ ᠪᠡᠶ᠎ᠡ ᠶᠢᠨ ᠲᠠᠮᠢᠷ ᠤᠨ ᠪᠣᠯᠪᠠᠰᠤᠷᠠᠯ᠂ ᠨᠡᠶᠢᠲᠡᠯᠢᠭ ᠬᠡᠯᠡᠨ ᠤ ᠲᠦᠪᠰᠢᠨ ᠵᠡᠷᠭᠡ ᠪᠠᠶᠢᠳᠠᠯ ᠢ ᠨᠠᠷᠢᠯᠢᠭ ᠠᠰᠠᠭᠤᠵᠤ᠂ ᠬᠤᠭᠤᠯᠠᠨ ᠭᠡᠷ᠂ ᠪᠠᠶᠢᠷᠢ ᠶᠢᠨ ᠠᠰᠠᠷ ᠲᠤ ᠣᠷᠣᠵᠤ ᠰᠤᠷᠤᠬᠴᠢᠳ ᠤᠨ ᠬᠤᠭᠤᠯᠠ ᠢᠳᠡᠬᠦ ᠪᠠ ᠬᠤᠨᠣᠬᠤ ᠨᠥᠬᠦᠴᠡᠯ ᠢ ᠪᠠᠶᠢᠴᠠᠭᠠᠨ ᠦᠵᠡᠵᠦ᠂ ᠬᠤᠭᠤᠯᠠᠨ ᠭᠡᠷ ᠤᠨ ᠠᠵᠢᠯᠲᠠᠳ ᠲᠤ ᠡᠷᠬᠡᠪᠰᠢ ᠰᠤᠷᠤᠬᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ᠂ ᠰᠢᠮ᠎ᠡ ᠲᠡᠵᠢᠭᠡᠯ ᠲᠠᠢ ᠠᠮᠲᠠᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃ ᠲᠠᠷᠠᠭ᠎ᠠ ᠨᠢ᠂ ᠲᠡᠷᠡ ᠥᠨᠳᠥᠷ ᠳᠤᠮᠳᠠᠳᠤ ᠶᠢᠨ ᠨᠢᠭᠡᠳᠦᠭᠡᠷ ᠣᠨ ᠤ ︵1︶ ᠠᠩᠭᠢ ᠶᠢᠨ ᠬᠢᠴᠢᠶᠡᠯ ᠤᠨ ᠭᠡᠷ ᠲᠤ ᠬᠦᠷᠴᠦ᠂ ︽ᠰᠢᠨ᠎ᠡ ᠴᠠᠭ ᠦᠶ᠎ᠡ᠂ ᠰᠢᠨ᠎ᠡ ᠨᠤᠲᠤᠭ ᠤᠰᠤ︾ ᠭᠡᠬᠦ ᠭᠤᠣᠯ ᠰᠡᠳᠦᠪᠲᠦ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠲᠣᠭᠤᠷᠢᠨ ᠦᠵᠡᠪᠡ᠃ ᠰᠤᠷᠭᠠᠭᠤᠯᠢ ᠶᠢᠨ ᠬᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠠᠭᠤᠯᠭ᠎ᠠ ᠶᠢ ᠡᠳᠦᠷ ᠳᠤᠳᠤᠮ ᠤᠨ ᠵᠢᠭᠠᠨ ᠰᠤᠷᠭᠠᠯᠲᠠ ᠳᠠᠭᠠᠨ ᠠᠭᠤᠰᠤᠯᠴᠠᠭᠤᠯᠵᠤ᠂ ᠬᠡᠦᠬᠡᠳ ᠤᠳ ᠤᠨ ᠰᠢᠨ᠎ᠡ ᠴᠠᠭ ᠦᠶ᠎ᠡ ᠶᠢᠨ ᠨᠤᠲᠤᠭ ᠤᠰᠤᠨ ᠤ ᠪᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠬᠤ ᠶᠢ ᠰᠣᠨᠣᠰᠴᠤ᠂ ᠬᠡᠦᠬᠡᠳ ᠤᠳ ᠤᠨ ᠵᠢᠷᠤᠭ ᠪᠦᠲᠦᠭᠡᠯ ᠢ ᠦᠵᠡᠭᠡᠳ ᠰᠢ ᠶᠢᠨ ᠫᠢᠩ ᠮᠠᠰᠢ ᠪᠠᠶᠠᠷᠯᠠᠪᠠ᠃ ᠲᠡᠷᠡ᠂ ᠰᠤᠷᠭᠠᠨ ᠬᠥᠮᠦᠵᠢᠯ ᠢ ᠪᠠᠭᠲᠠᠭᠠᠭᠰᠠᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠣᠯᠣᠨ ᠠᠵᠢᠯ ᠲᠦᠷᠦᠯ ᠢᠶᠠᠷ ᠢᠶᠠᠨ ᠲᠤᠰᠠᠯᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠶᠢᠨ ᠬᠠᠶᠢᠷ᠎ᠠ ᠬᠠᠯᠠᠮᠵᠢ ᠶᠢ ᠭᠦᠢᠴᠡᠳ ᠢᠯᠡᠷᠡᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠨᠢᠭᠡᠨ ᠭᠤᠣᠯᠳᠠᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠯᠢᠭᠡᠷ ᠢ ᠰᠠᠶᠢᠲᠤᠷ ᠶᠠᠷᠢᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠤᠭᠰᠠᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠭ᠎ᠠ ᠨᠠᠰᠤᠨ ᠠᠴᠠ ᠨᠢ ᠬᠡᠦᠬᠡᠳ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠪᠡ᠃ᠵᠢᠭᠠᠨ ᠰᠤᠷᠭᠠᠬᠤ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ᠂ ᠪᠠᠭᠰᠢ ᠰᠤᠷᠤᠬᠴᠢᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠦ᠂ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ ᠰᠢ ᠶᠢᠨ ᠫᠢᠩ ᠤᠯᠠᠨ ᠳᠤ᠂ ᠪᠢ ᠰᠢᠨᠢᠩ ᠳᠤ ᠬᠦᠷᠴᠦ ᠢᠷᠡᠭᠰᠡᠨ ᠤ ᠲᠠᠷᠠᠭ᠎ᠠ ᠡᠩ ᠲᠡᠷᠢᠭᠦᠨ ᠳᠤ ᠪᠠᠭᠰᠢ ᠪᠣᠯᠣᠨ ᠰᠤᠷᠤᠬᠴᠢᠳ ᠢ ᠡᠷᠭᠢᠵᠦ ᠦᠵᠡᠬᠦ ᠪᠠᠷ ᠢᠷᠡᠯ᠎ᠡ᠃ ᠱᠠᠩᠬᠠᠢ ᠠᠴᠠ ᠲᠤᠰᠠᠯᠠᠨ ᠪᠦᠲᠦᠭᠡᠨ ᠪᠠᠶᠢᠭᠤᠯᠤᠭᠰᠠᠨ ᠡᠨᠡ ᠬᠦ ᠳᠤᠮᠳᠠᠳᠤ ᠰᠤᠷᠭᠠᠭᠤᠯᠢ ᠭᠤᠯᠤᠭ ᠤᠨ ᠮᠠᠯᠵᠢᠬᠤ ᠣᠷᠣᠨ ᠠᠴᠠ ᠢᠷᠡᠭᠰᠡᠨ ᠡᠯ᠎ᠡ ᠦᠨᠳᠦᠰᠦᠲᠡᠨ ᠤ ᠬᠡᠦᠬᠡᠳ ᠢ ᠬᠥᠮᠥᠵᠢᠭᠦᠯᠦᠭᠡᠳ ᠢᠯᠡᠳᠲᠡ ᠦᠷ᠎ᠡ ᠪᠦᠲᠦᠮᠵᠢ ᠣᠯᠵᠤ᠂ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ᠃ ᠬᠡᠦᠬᠡᠳ ᠤᠳ ᠠᠳᠡᠬᠢ ᠰᠠᠶᠢᠨ ᠰᠠᠶᠢᠬᠠᠨ ᠨᠥᠬᠦᠴᠡᠯ ᠢ ᠨᠡᠩ ᠨᠠᠨᠳᠢᠩᠨᠠᠵᠤ᠂ ᠠᠴᠢ ᠡᠨᠡᠷᠢᠯ ᠳᠤ ᠲᠠᠯᠠᠷᠬᠠᠵᠤ᠂ ᠰᠠᠶᠢᠲᠤᠷ ᠰᠤᠷᠤᠯᠴᠠᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠵᠠᠯᠭᠠᠮᠵᠢᠯᠠᠭᠴᠢ ᠪᠠ ᠪᠦᠲᠦᠭᠡᠨ ᠪᠠᠶᠢᠭᠤᠯᠤᠭᠴᠢ ᠪᠤᠯᠬᠤ ᠪᠠᠷ ᠵᠣᠷᠢᠭ ᠰᠢᠭᠤᠳᠴᠤ᠂ ᠥᠪᠡᠷ ᠤᠨ ᠠᠮᠢᠳᠤᠷᠠᠯ ᠳᠠᠭᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠠᠵᠠ ᠲᠣᠭᠢᠶᠠᠯ ᠣᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠦ ᠳᠣᠲᠣᠨᠣ ᠪᠠᠷ ᠬᠡᠯᠡᠪᠡ᠃ ᠲᠡᠷᠡ ᠬᠡᠦᠬᠡᠳ ᠤᠳ ᠤᠨ ᠰᠤᠷᠤᠯᠭ᠎ᠠ ᠶᠢᠨ ᠥᠨᠳᠥᠷ ᠠᠮᠵᠢᠯᠲᠠ᠂ ᠡᠷᠡᠭᠦᠯ ᠴᠢᠭᠢᠷᠠᠭ ᠢᠶᠠᠷ ᠥᠰᠦᠨ ᠪᠤᠶᠢᠵᠢᠬᠤ ᠶᠢ ᠬᠦᠰᠡᠨ ᠵᠥᠩᠨᠡᠪᠡ᠃    ᠲᠠᠷᠠᠭ᠎ᠠ ᠨᠢ᠂ ᠰᠢ ᠶᠢᠨ ᠫᠢᠩ ᠰᠢᠨᠢᠩ ᠬᠤᠳᠠ ᠶᠢᠨ ᠴᠧᠩ ᠵᠦᠩ ᠲᠣᠭᠤᠷᠢᠭ ᠤᠨ ᠮᠠᠰᠢᠳᠠ ᠰᠡᠬᠡᠭᠡᠷᠡᠭᠦᠯᠦᠭᠴᠢ ᠬᠡᠶᠢᠳ ᠲᠤ ᠭᠦᠷᠪᠡ᠃ ᠬᠡᠶᠢᠳ ᠤᠨ ᠡᠮᠦᠨᠡᠬᠢ ᠬᠦᠷᠢᠶᠡᠨ ᠳᠤ᠂ ᠮᠠᠰᠢᠳᠠ ᠰᠡᠬᠡᠭᠡᠷᠡᠭᠦᠯᠦᠭᠴᠢ ᠬᠡᠶᠢᠳ ᠤᠨ ᠠᠷᠠᠳᠴᠢᠯᠠᠭᠰᠠᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠠᠴᠠ ᠶᠡᠷᠦᠩᠬᠡᠢ ᠱᠦᠵᠢ ᠳᠤ ᠬᠠᠳᠠᠭ ᠪᠠᠷᠢᠵᠤ᠂ ᠯᠠᠮᠠ ᠬᠤᠸᠠᠷᠠᠭ ᠭᠦᠯᠢᠰ ᠡᠷᠭᠦᠵᠦ᠂ ᠡᠷᠳᠡᠨᠢ ᠰᠢᠬᠦᠷ ᠪᠠᠷᠢᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ ᠬᠥᠬᠡᠨᠠᠭᠤᠷ ᠮᠤᠵᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ ᠤ ᠳᠡᠯᠭᠡᠨ ᠦᠵᠡᠭᠦᠯᠭᠡ ᠵᠡᠷᠭᠡ ᠶᠢ ᠲᠣᠭᠤᠷᠢᠨ ᠦᠵᠡᠵᠦ᠂ ᠰᠦᠮ᠎ᠡ ᠬᠡᠶᠢᠳ ᠤᠨ ᠲᠡᠦᠬᠡ ᠶᠢᠨ ᠤᠯᠠᠷᠢᠯ ᠬᠤᠪᠢᠰᠤᠯ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ ᠠᠵᠢᠯ ᠢ ᠬᠠᠯᠠᠮᠵᠢᠯᠠᠨ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃ ᠲᠡᠷᠡ ᠶᠡᠭᠡ ᠳᠤᠭᠠᠩ ᠳᠤ ᠣᠷᠣᠵᠤ᠂ ᠰᠦᠮ᠎ᠡ ᠬᠡᠶᠢᠳ ᠤᠨ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠮᠠᠰᠢᠳᠠ ᠰᠡᠬᠡᠭᠡᠷᠡᠭᠦᠯᠦᠭᠴᠢ ᠬᠡᠶᠢᠳ ᠡᠨᠡ ᠬᠦ ᠮᠢᠩᠭᠠᠨ ᠣᠨ ᠤ ᠡᠷᠲᠡᠨ ᠤ ᠰᠦᠮ᠎ᠡ ᠨᠢ ᠤᠯᠠᠨ ᠦᠶ᠎ᠡ ᠶᠢᠨ ᠲᠥᠪ ᠤᠨ ᠵᠠᠰᠠᠭ ᠤᠨ ᠣᠷᠳᠣᠨ ᠪᠣᠯᠣᠨ ᠲᠥᠪᠡᠳ ᠤᠨ ᠪᠤᠳ᠋ᠳ᠋ᠾᠠ ᠶᠢᠨ ᠱᠠᠰᠢᠨ ᠤ ᠬᠠᠷᠢᠯᠴᠠᠭ᠎ᠠ ᠶᠢ ᠨᠡᠮᠡᠭᠳᠡᠭᠦᠯᠬᠦ ᠲᠠᠯ᠎ᠠ ᠪᠠᠷ ᠴᠢᠬᠤᠯᠠ ᠬᠥᠭᠦᠷᠭᠡ ᠬᠤᠯᠪᠣᠭᠠᠰᠤ ᠶᠢᠨ ᠦᠢᠯᠡᠳᠦᠯ ᠦᠵᠡᠭᠦᠯᠵᠡᠢ᠃ ᠡᠨᠡ ᠬᠦ ᠬᠤᠪᠣᠷ ᠨᠠᠨᠳᠢᠨ ᠲᠡᠦᠬᠡ ᠰᠣᠶᠣᠯ ᠤᠨ ᠥᠪ ᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠠᠴᠠ ᠰᠤᠷᠤᠯᠴᠠᠵᠤ᠂ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ᠂ ᠦᠨᠳᠦᠰᠦᠲᠡᠨ ᠤ ᠠᠵᠢᠯ᠂ ᠱᠠᠰᠢᠨ ᠰᠤᠷᠲᠠᠬᠤᠨ ᠤ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠳᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠥᠷᠭᠡᠨ ᠣᠯᠠᠨ ᠰᠦᠰᠦᠭᠲᠡᠨ ᠣᠯᠠᠨ ᠲᠦᠮᠡᠨ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠶᠢ ᠱᠠᠭᠠᠷᠳᠠᠵᠤ ᠪᠠᠶᠢᠨ᠎ᠠ᠃ ᠬᠥᠬᠡᠨᠠᠭᠤᠷ ᠤᠨ ᠲᠥᠪᠡᠳ ᠤᠨ ᠪᠤᠳ᠋ᠳ᠋ᠾᠠ ᠶᠢᠨ ᠱᠠᠰᠢᠨ ᠤ ᠡᠲᠡᠭᠡᠳ ᠤᠨ ᠬᠢᠨ ᠤᠯᠤᠰ ᠢᠶᠠᠨ ᠬᠠᠶᠢᠷᠠᠯᠠᠵᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ᠂ ᠨᠡᠶᠢᠭᠡᠮ ᠡᠶ᠎ᠡ ᠵᠣᠬᠢᠴᠠᠩᠭᠤᠢ᠂ ᠦᠨᠳᠦᠰᠦᠲᠡᠨ ᠡᠶ᠎ᠡ ᠨᠠᠶᠢᠷᠲᠠᠢ ᠪᠠᠶᠢᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃    19 ᠤ ᠦᠳᠡ ᠶᠢᠨ ᠡᠮᠦᠨ᠎ᠡ᠂ ᠰᠢ ᠶᠢᠨ ᠫᠢᠩ ᠬᠥᠬᠡᠨᠠᠭᠤᠷ ᠮᠤᠵᠢ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠥᠬᠡᠨᠠᠭᠤᠷ ᠤᠨ ᠡᠯ᠎ᠡ ᠵᠦᠢᠯ ᠤᠨ ᠠᠵᠢᠯ ᠤᠨ ᠣᠯᠣᠭᠰᠠᠨ ᠬᠢᠷᠢ ᠪᠦᠲᠦᠮᠵᠢ ᠶᠢ ᠨᠤᠲᠠᠯᠠᠪᠠ᠃    ᠰᠢ ᠶᠢᠨ ᠫᠢᠩ᠂ ᠬᠥᠬᠡᠨᠠᠭᠤᠷ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠠᠵᠤ ᠦᠢᠯᠡᠰ ᠤᠨ ᠬᠥᠭᠵᠢᠯᠲᠡ ᠳᠤ ᠡᠷᠬᠡᠪᠰᠢ ᠬᠢᠬᠦ ᠶᠣᠰᠣᠲᠠᠢ ᠶᠢ ᠨᠢ ᠬᠢᠵᠦ᠂ ᠬᠢᠬᠦ ᠴᠢᠬᠤᠯᠠ ᠦᠭᠡᠢ ᠶᠢ ᠨᠢ ᠬᠢᠬᠦ ᠦᠭᠡᠢ ᠪᠠᠶᠢᠬᠤ ᠶᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠣᠨᠴᠠᠯᠢᠭ ᠪᠠ ᠳᠠᠪᠠᠭᠤᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠬᠤ ᠬᠡᠷᠡᠭᠲᠡᠢ᠃ ᠡᠬᠢ ᠪᠠᠶᠠᠯᠢᠭ ᠤᠨ ᠡᠯᠧᠮᠧᠨ᠋ᠲ ᠢ ᠪᠦᠲᠦᠮᠵᠢᠲᠡᠢ ᠲᠥᠪᠯᠡᠷᠡᠭᠦᠯᠵᠦ᠂ ᠳᠡᠯᠡᠬᠡᠢ ᠶᠢᠨ ᠲᠡᠰ ᠤᠨ ᠳᠠᠪᠤᠰᠤᠨ ᠨᠠᠭᠤᠷ ᠤᠨ ᠠᠵᠤ ᠦᠢᠯᠡᠰ ᠤᠨ ᠰᠠᠭᠤᠷᠢᠨ ᠢ ᠲᠦᠷᠭᠡᠳᠬᠡᠨ ᠪᠠᠶᠢᠭᠤᠯᠵᠤ᠂ ᠤᠯᠤᠰ ᠤᠨ ᠴᠡᠪᠡᠷ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠂ ᠤᠯᠠᠨ ᠤᠯᠤᠰ ᠤᠨ ᠠᠮᠢ ᠠᠬᠤᠢ ᠶᠢᠨ ᠵᠢᠭᠤᠯᠴᠢᠯᠠᠯ ᠤᠨ ᠬᠠᠷᠠᠯᠲᠠᠲᠤ ᠭᠠᠵᠠᠷ᠂ ᠪᠣᠬᠢᠷᠳᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠭᠠᠵᠠᠷ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢᠶᠠᠨ ᠤᠯᠠᠷᠢᠭᠤᠯᠬᠤ ᠶᠢ ᠬᠤᠶᠠᠷ ᠲᠠᠯ᠎ᠠ ᠪᠠᠷ ᠠᠳᠬᠤᠬᠤ ᠶᠢ ᠪᠠᠷᠢᠮᠲᠠᠯᠠᠨ᠂ ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠭᠡᠭᠡᠯᠲᠡ ᠶᠢ ᠥᠷᠭᠡᠳᠬᠡᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠣᠬᠢᠷᠳᠤᠯ ᠦᠭᠡᠢ ᠲᠣᠷᠭᠠᠨ ᠵᠠᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠮᠤᠵᠢ ᠶᠢᠨ ᠳᠣᠲᠣᠷᠠᠬᠢ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ᠂ ᠰᠢᠨᠢᠩ᠂ ᠬᠠᠢ ᠳ᠋ᠦᠩ᠂ ᠬᠠᠶᠢᠰᠢ ᠶᠢᠨ ᠲᠤᠯᠭᠠᠭᠤᠷᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠶᠠᠨ ᠤ ᠬᠡᠪᠴᠢᠶᠡᠨ ᠤ ᠠᠵᠤ ᠠᠬᠤᠢ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠰᠢᠰᠲ᠋ᠧᠮ ᠡᠯᠪᠡᠭ ᠪᠠᠶᠠᠯᠢᠭ ᠤᠯᠠᠨ ᠶᠠᠩᠵᠤ ᠶᠢᠨ ᠪᠤᠯᠪᠠᠴᠤ ᠲᠦᠢᠯ ᠤᠨ ᠬᠡᠪᠡᠷᠡᠭ ᠪᠠᠶᠢᠳᠠᠭ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠢ ᠶᠢᠨ ᠴᠢᠳᠠᠮᠵᠢ ᠶᠢ ᠬᠠᠮᠤᠭ ᠤᠨ ᠶᠡᠭᠡ ᠪᠠᠷ ᠪᠡᠶᠡᠯᠡᠭᠦᠯᠬᠦ ᠪᠣᠯ ᠡᠨᠡ ᠬᠦ ᠣᠷᠣᠨ ᠪᠦᠰᠡ ᠶᠢᠨ ᠭᠤᠣᠯ ᠡᠭᠦᠷᠭᠡ ᠪᠣᠯᠣᠨ᠎ᠠ᠃ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠳᠤᠯ ᠦᠭᠡᠢ ᠪᠠᠷ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢ ᠬᠠᠮᠠᠭᠠᠯᠠᠬᠤ ᠬᠠᠤᠯᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠬᠡᠨᠠᠭᠤᠷ ᠲᠥᠪᠡᠳ ᠤᠨ ᠥᠨᠳᠦᠷᠯᠢᠭ ᠢ ᠠᠮᠢ ᠠᠬᠤᠢ ᠶᠢᠨ ᠪᠣᠯᠪᠠᠰᠤᠨ ᠤ ᠥᠨᠳᠦᠷᠯᠢᠭ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠭᠦ ᠬᠡᠷᠡᠭᠲᠡᠢ᠃ ᠭᠤᠷᠪᠠᠨ ᠮᠥᠷᠡᠨ ᠤ ᠡᠬᠢ ᠶᠢᠨ ᠡᠨᠡ ᠬᠦ ︽ᠳᠤᠮᠳᠠᠳᠤ ᠶᠢᠨ ᠤᠰᠤᠨ ᠰᠤᠪᠤᠷᠭ᠎ᠠ ︾ ᠶᠢ ᠰᠠᠶᠢᠲᠤᠷ ᠰᠠᠬᠢᠨ ᠬᠠᠮᠠᠭᠠᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠴᠢᠳᠠᠪᠤᠷᠢ ᠶᠢ ᠳᠡᠭᠡᠭᠰᠢᠯᠡᠭᠦᠯᠭᠦ ᠶᠠᠪᠤᠳᠠᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠲᠥᠯᠥᠭᠡᠯᠡᠬᠦ ᠴᠢᠨᠠᠷᠲᠠᠢ ᠪᠠ ᠳᠡᠯᠡᠬᠡᠢ ᠳᠤ ᠨᠥᠯᠥᠭᠡᠯᠡᠬᠦ ᠬᠦᠴᠦᠨ ᠲᠠᠢ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠡᠪ ᠳᠠᠭᠤᠷᠢᠶᠠᠯ ᠢ ᠪᠤᠶ ᠪᠤᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠠᠬᠢᠭᠤᠯᠵᠤ᠂ ᠠᠮᠢ ᠠᠬᠤᠢ ᠲᠠᠢ ᠨᠥᠭᠦᠷᠰᠡᠭ ᠭᠡᠯᠪᠡᠷᠢ ᠶᠢᠨ ᠠᠵᠤ ᠦᠢᠯᠡᠰ ᠢ ᠬᠥᠭᠵᠢᠭᠦᠯᠦᠨ᠂ ᠰᠢᠨ᠎ᠡ ᠭᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠠᠷᠠᠳ ᠤᠨ ᠰᠠᠨᠠᠭ᠎ᠠ ᠳᠤ ᠨᠡᠶᠢᠴᠡᠭᠰᠡᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠭᠰᠡᠨ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠬᠦ ᠬᠡᠷᠡᠭᠲᠡᠢ᠃ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠲᠥᠰᠥᠪᠯᠡᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠬᠦᠷᠦᠯᠴᠡᠬᠦ᠋ᠢᠴᠡ ᠴᠢᠨᠠᠷ ᠢ ᠬᠦᠴᠦᠯᠡᠨ ᠨᠡᠮᠡᠭᠳᠡᠭᠦᠯᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠡᠨᠡ ᠬᠦ ᠭᠤᠣᠯᠳᠠᠯᠭ᠎ᠠ ᠶᠢ ᠳᠤᠪᠤᠶᠢᠯᠭᠠᠵᠤ᠂ ᠥᠨᠳᠦᠷᠯᠢᠭ ᠤᠨ ᠣᠨᠴᠠᠯᠢᠭᠲᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠪᠣᠬᠢᠷᠳᠤᠯ ᠦᠭᠡᠢ ᠣᠷᠭᠠᠨᠢᠭ ᠮᠠᠯ ᠠᠵᠤ ᠠᠬᠤᠢ ᠲᠠᠷᠢᠶᠠᠯᠠᠩ ᠢ ᠬᠥᠭᠵᠢᠭᠦᠯᠵᠦ᠂ ᠥᠨᠳᠦᠷᠯᠢᠭ ᠤᠨ ᠨᠤᠲᠤᠭ ᠤᠨ ᠣᠨᠴᠠ ᠭᠠᠷᠤᠯᠲᠠ ᠶᠢᠨ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠥᠨᠳᠦᠷᠯᠢᠭ ᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠢ ᠱᠢ ᠱᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠨ ᠲᠠᠭᠢᠨ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠬᠥᠬᠡᠨᠠᠭᠤᠷ ᠪᠣᠯ ᠮᠠᠨ ᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠠᠷᠬᠠᠯᠲᠠ ᠲᠥᠪᠯᠡᠷᠡᠭᠰᠡᠨ ᠮᠤᠵᠢ ᠪᠣᠯᠣᠨ᠎ᠠ᠂ ᠦᠨᠳᠦᠰᠦᠲᠡᠨ ᠤ ᠠᠵᠢᠯ ᠪᠣᠯᠣᠨ ᠱᠠᠰᠢᠨ ᠰᠤᠷᠲᠠᠬᠤᠨ ᠤ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠰᠢᠭᠢᠳᠦᠨ ᠣᠷᠣᠬᠤ᠂ ᠥᠷᠭᠡᠨ ᠢᠶᠠᠷ ᠶᠠᠪᠤᠯᠴᠠᠵᠤ ᠰᠣᠯᠢᠯᠴᠠᠵᠤ ᠠᠭᠤᠰᠤᠯᠴᠠᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠠ ᠴᠢᠭᠯᠡᠯᠲᠡ ᠲᠦᠷᠦ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠢᠯᠠᠩᠭᠤᠶ᠎ᠠ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠣᠳᠣᠬᠠᠨ ᠳᠤ ᠶᠠᠭ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠨ᠎ᠠ᠂ ᠦᠨᠡᠨ ᠬᠦ ᠠᠳᠬᠤᠨ ᠪᠣᠳᠠᠲᠠᠢ ᠰᠤᠷᠤᠯᠴᠠᠵᠤ᠂ ᠰᠠᠶᠢᠲᠤᠷ ᠡᠬᠢᠯᠡᠭᠦᠯᠦᠨ ᠰᠠᠶᠢᠲᠤᠷ ᠲᠡᠭᠦᠰᠬᠡᠵᠦ᠂ ᠰᠠᠬᠢᠯᠭ᠎ᠠ ᠪᠠᠲᠤ ᠶᠢ ᠰᠤᠷᠤᠯᠴᠠᠨ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ ᠪᠠᠷ ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠤᠯᠭᠠᠬᠰᠠᠨ ᠴᠠᠭ ᠦᠶ᠎ᠡ ᠶᠢᠨ ᠵᠣᠷᠢᠭ ᠰᠠᠨᠠᠭ᠎ᠠ ᠪᠠ ᠬᠥᠬᠡᠨᠠᠭᠤᠷ ᠲᠥᠪᠡᠳ ᠤᠨ ᠥᠨᠳᠦᠷᠯᠢᠭ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠲᠠᠨᠢᠯᠲᠠ ᠪᠠᠨ ᠬᠤᠪᠢᠷᠠᠭᠤᠯᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠨᠠᠭᠰᠢᠳᠠ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠤᠯᠭᠠᠬᠤ ᠶᠢ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠠᠵᠢᠯ ᠤᠨ ᠲᠣᠭᠲᠠᠴᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠪᠠᠷ ᠲᠥᠪ ᠰᠤᠷᠲᠠᠯ ᠲᠡᠭᠦᠯᠳᠡᠷ ᠨᠡᠶᠢᠭᠡᠮ ᠤᠨ ᠠᠮᠢ ᠠᠬᠤᠢ ᠶᠢ ᠪᠦᠷᠢᠯᠳᠦᠭᠦᠯᠬᠦ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号