| 6 ᠰᠠᠷ᠎ᠠ ᠶᠢᠨ 21 ᠤ ᠡᠳᠦᠷ᠂ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠼᠦᠢ ᠶᠠᠨ ᠪᠥᠸᠧ ᠠᠵᠢᠯ ᠤᠨ ᠬᠤᠷᠠᠯ ᠢ ᠡᠷᠭᠢᠯᠡᠨ | ᠬᠤᠷᠠᠯᠳᠤᠭᠤᠯᠵᠤ᠂ ᠪᠥᠬᠦ ᠬᠤᠲᠠ ᠶᠢᠨ ᠦᠶᠡᠷ ᠤᠰᠤᠳᠤᠯ ᠢ ᠰᠡᠷᠭᠡᠶᠢᠯᠡᠬᠦ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠵᠤ᠂ ᠦᠶᠡᠷ ᠤᠰᠤᠲᠤᠯ ᠢ ᠤᠷᠢᠳᠴᠢᠯᠡᠨ ᠰᠡᠷᠭᠡᠶᠢᠯᠡᠬᠦ ᠠᠵᠢᠯ ᠢ ᠳᠣᠭᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠰᠠᠶᠢᠳᠤᠷ ᠳᠡᠭᠡᠭᠰᠢᠯᠡᠭᠦᠯᠬᠦ ᠬᠡᠷᠡᠭᠲᠡᠢ᠃ ᠲᠠᠷᠤᠢ ᠵᠣᠬᠢᠶᠠᠨ ᠪᠠᠶᠢᠭᠤᠯᠬᠤ᠂ ᠰᠢᠢᠳᠪᠦᠷᠢᠯᠡᠬᠦ᠂ ᠬᠢᠨᠠᠯᠲᠠ | ᠲᠠᠯᠪᠢᠬᠤ ᠰᠢᠰᠲ᠋ᠧᠮ ᠢ ᠪᠠᠶᠢᠭᠤᠯᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠪᠠᠨ ᠪᠠᠳᠤᠳᠬᠠᠵᠤ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠵᠢᠴᠢ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢᠶᠠᠨ | ᠴᠢᠩᠭᠠᠳᠬᠠᠬᠤ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ | ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠠᠭᠤᠷ ᠤᠨ ᠤᠷᠢᠳᠴᠢᠯᠠᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠢᠮᠠᠭᠳᠠ ᠠᠩᠬᠠᠷᠤᠨ᠂ ᠬᠤᠲᠠ ᠶᠢᠨ ᠪᠣᠷᠣᠭᠠᠨ ᠤ ᠪᠠᠶᠢᠳᠠᠯ᠂ | ᠤᠰᠤᠲᠤᠯ ᠤᠨ ᠪᠠᠶᠢᠳᠠᠯ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠡᠵᠡᠮᠰᠢᠵᠦ᠂ ᠤᠰᠤ | ᠶᠢ ᠭᠠᠳᠠᠭᠰᠢᠯᠠᠭᠤᠯᠵᠤ ᠤᠰᠤᠲᠤᠯ ᠢ ᠰᠢᠢᠳᠪᠤᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ |