ᠤᠯᠠᠭᠠᠨᠬᠤᠲᠠ ᠤᠰᠤᠨ ᠠᠰᠢᠭᠯᠠᠯᠲᠠ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠦᠶᠡᠷ ᠢ ᠰᠡᠷᠭᠡᠶᠢᠯᠡᠬᠦ ︽ᠠᠮᠤᠷ ᠲᠦᠪᠰᠢᠨ ᠤ ᠬᠠᠰᠢᠯᠭ᠎ᠠ︾ ᠶᠢ ᠰᠠᠶᠢᠳᠤᠷ ᠪᠠᠬᠢᠵᠢᠭᠦᠯᠵᠤ ᠪᠤᠢ
ᠨᠡᠶᠢᠲᠡᠯᠡᠭᠰᠡᠨ ᠴᠠᠭ᠄
2024/6/25
  ᠡᠨᠡ ᠵᠢᠯ ᠠᠴᠠ ᠨᠠᠰᠢ᠂ ᠤᠯᠠᠭᠠᠨᠬᠤᠲᠠ ᠤᠰᠤᠨ ᠠᠰᠢᠭᠯᠠᠯᠲᠠ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠲᠦᠷᠭᠡᠳᠬᠡᠵᠦ᠂ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ ᠠᠵᠢᠯ ᠢ ᠠᠬᠢᠭᠤᠯᠵᠤ᠂ ᠭᠤᠤᠯ ᠮᠦᠷᠡᠨ ᠤ ᠤᠷᠤᠰᠬᠠᠯ ᠤᠨ ᠵᠠᠮ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠤᠬᠠᠶ ᠶᠢᠨ ᠭᠠᠵᠠᠷ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠪᠠᠶᠢᠨ᠎ᠠ᠃        ᠢᠯᠠᠯᠲᠠ ᠪᠠᠯᠭᠠᠰᠤᠨ ᠤ ᠰᠢᠶᠣᠤ ᠵᠧᠤ ᠵᠢᠶᠠ ᠭᠸᠦ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠮᠠᠯᠲᠠᠭᠤᠷ ᠮᠠᠰᠢᠨ᠂ ᠰᠢᠷᠣᠶ ᠲᠦᠯᠬᠢᠬᠦ ᠮᠠᠰᠢᠨ ᠲᠠᠰᠤᠷᠠᠯᠲᠠ ᠦᠭᠡᠢ ᠬᠦᠷᠴᠢᠬᠢᠨᠠᠵᠤ᠂ ᠨᠠᠰᠢ ᠴᠠᠰᠢ ᠰᠦᠯᠵᠢᠯᠳᠤᠨ᠂ ᠠᠵᠢᠯᠴᠢᠳ ᠥᠪᠡᠷ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠴᠢ ᠵᠣᠷᠢᠭ ᠢᠶᠠᠨ ᠬᠥᠪᠴᠢᠯᠡᠨ ᠠᠵᠢᠯᠯᠠᠨ᠎ᠠ᠃  ᠰᠢᠶᠤᠤ ᠵᠧᠤ ᠵᠢᠶᠠ ᠭᠸᠦ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ ᠨᠢ 1000 ᠲᠦᠮᠡᠨ ᠲᠥᠭᠦᠷᠢᠭ᠂ ᠶᠡᠷᠦᠩᠬᠡᠶ ᠣᠷᠳᠣ ᠨᠢ 3.6 ᠺᠢᠯᠤᠮᠧᠲᠷ᠂  ᠡᠬᠢᠯᠡᠯᠳᠡ  ᠶᠢᠨ ᠴᠡᠭ ᠨᠢ ᠲᠤᠸᠠᠨ ᠵᠢᠶᠧ ᠭᠠᠴᠠᠭ᠎ᠠ ᠶᠢᠨ ᠪᠠᠷᠠᠭᠤᠨ ᠲᠠᠯ᠎ᠠ ᠳᠤ ᠪᠠᠶᠢᠵᠤ᠂ ᠨᠢᠭᠡᠨᠲᠡ 1.5 ᠺᠢᠯᠤᠮᠧᠲᠷ ᠢ ᠨᠢ  ᠵᠠᠰᠠᠵᠤ ᠲᠠᠭᠤᠰᠬᠠᠵᠠᠢ᠃        ᠣᠶᠢᠯᠠᠭᠠᠭᠰᠠᠨ ᠢᠶᠠᠷ᠂ ᠢᠯᠠᠯᠲᠠ ᠪᠠᠯᠭᠠᠰᠤᠨ ᠤ ᠰᠢᠶᠤᠤ ᠵᠧᠤ ᠵᠢᠶᠠ ᠭᠧᠤ ᠳᠤ ᠵᠣᠨ ᠳᠠᠭᠠᠨ ᠤᠰᠤᠨ ᠤ ᠤᠷᠤᠰᠬᠠᠯ ᠨᠡᠯᠢᠶᠡᠳ ᠶᠡᠭᠡ᠂ ᠡᠪᠦᠯ ᠳᠡᠭᠡᠨ ᠵᠠᠮ ᠳᠡᠭᠡᠷ᠎ᠡ ᠮᠥᠰᠥ ᠬᠥᠯᠳᠡᠵᠦ᠂ ᠦᠶᠡᠷ ᠤᠨ ᠬᠤᠭᠤᠴᠠᠭᠠᠨ ᠳᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠪᠥᠭᠡᠳ ᠪᠠᠰᠠ ᠲᠤᠸᠠᠨ ᠵᠢᠶᠧ ᠭᠠᠴᠠᠭᠠᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ  ᠲᠦᠬᠦᠮ ᠦᠭᠡᠢ᠃ ᠰᠢᠶᠤᠤ ᠵᠧᠤ ᠵᠢᠶᠠ ᠭᠸᠦ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠨᠢ ᠭᠤᠤᠯ ᠮᠦᠷᠡᠨ ᠤ ᠭᠤᠯᠳᠤᠷᠢᠯ  ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠤᠯᠠᠭᠠᠨᠬᠤᠲᠠ ᠶᠢᠨ ᠭᠤᠤᠯ ᠤᠨ ᠵᠠᠮ ᠤᠨ ᠦᠶᠡᠷ ᠢ ᠰᠡᠷᠭᠡᠶᠢᠯᠡᠬᠦ ᠴᠢᠳᠠᠮᠵᠢ ᠪᠠ ᠳᠣᠤᠷᠠᠳᠤ ᠤᠷᠤᠰᠬᠠᠯ ᠤᠨ ᠤᠰᠤ ᠨᠥᠬᠦᠪᠥᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠲᠤᠸᠠᠨ ᠵᠢᠶᠧ ᠭᠠᠴᠠᠭᠠᠨ ᠤ ᠰᠠᠭᠤᠭᠠᠯᠢ ᠠᠷᠠᠳ ᠤᠨ ᠠᠮᠤᠷ ᠲᠦᠪᠰᠢᠨ᠂ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠢᠯᠠᠯᠲᠠ ᠪᠠᠯᠭᠠᠰᠤᠨ ᠤ ᠠᠵᠤ ᠠᠬᠤᠶ ᠵᠢᠴᠢ ᠠᠷᠠᠳ ᠤᠨ ᠠᠮᠢᠳᠤᠷᠠᠯ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃
 
ᠢᠷᠡᠯᠲᠡ᠄ ᠤᠯᠠᠭᠠᠨᠬᠤᠳᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号