ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠦᠶᠡᠷ  ᠤᠰᠤᠳᠤᠯ ᠢ ᠰᠡᠷᠭᠡᠶᠢᠯᠡᠬᠦ ᠠᠵᠢᠯ ᠤᠨ ᠬᠤᠷᠠᠯ ᠬᠢᠭᠰᠡᠨ ᠲᠤᠬᠠᠢ ᠪᠤᠳᠠᠳᠤ ᠲᠡᠮᠳᠡᠭᠯᠡᠯ
ᠨᠡᠶᠢᠲᠡᠯᠡᠭᠰᠡᠨ ᠴᠠᠭ᠄
2024/6/25
   6 ᠰᠠᠷ᠎ᠠ ᠶᠢᠨ 21 ᠤ ᠡᠳᠦᠷ᠂ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ ᠼᠦᠢ ᠶᠠᠨ ᠪᠥᠸᠧ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠦᠶᠡᠷ ᠤᠰᠤᠳᠤᠯ ᠢ ᠰᠡᠷᠭᠡᠶᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠶᠡᠷ ᠤᠰᠤᠲᠤᠯ ᠢ  ᠤᠷᠢᠳᠴᠢᠯᠡᠨ ᠰᠡᠷᠭᠡᠶᠢᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃
  ᠬᠤᠷᠠᠯ ᠠᠴᠠ᠂ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠪᠠᠨ ᠰᠠᠶᠢᠳᠤᠷ ᠳᠡᠭᠡᠭᠰᠢᠯᠡᠭᠦᠯᠬᠦ ᠬᠡᠷᠡᠭᠲᠡᠢ᠃ ᠲᠠᠷᠤᠢ ᠵᠣᠬᠢᠶᠠᠨ ᠪᠠᠶᠢᠭᠤᠯᠬᠤ᠂ ᠰᠢᠢᠳᠪᠦᠷᠢᠯᠡᠬᠦ᠂ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠪᠠᠨ ᠪᠠᠳᠤᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠢᠴᠢ ᠦᠶᠡᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠠᠵᠢᠯ ᠢᠶᠠᠨ ᠴᠢᠩᠭᠠᠳᠬᠠᠬᠤ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠢᠮᠠᠭᠳᠠ ᠠᠩᠬᠠᠷᠤᠨ᠂ ᠬᠤᠲᠠ ᠶᠢᠨ ᠪᠣᠷᠣᠭᠠᠨ ᠤ ᠪᠠᠶᠢᠳᠠᠯ᠂ ᠤᠰᠤᠲᠤᠯ ᠤᠨ ᠪᠠᠶᠢᠳᠠᠯ ᠵᠡᠷᠭᠡ ᠬᠠᠮᠢᠶ᠎ᠠ ᠪᠥᠬᠦᠶ ᠮᠡᠳᠡᠭᠡ ᠵᠠᠩᠭᠢ ᠶᠢ ᠬᠠᠮᠤᠭ ᠤᠨ ᠲᠡᠷᠢᠭᠦᠨ ᠳᠤ ᠡᠵᠡᠮᠰᠢᠵᠦ᠂ ᠤᠰᠤ  ᠶᠢ ᠭᠠᠳᠠᠭᠰᠢᠯᠠᠭᠤᠯᠵᠤ ᠤᠰᠤᠲᠤᠯ ᠢ ᠰᠢᠢᠳᠪᠤᠷᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ  ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠤᠯᠠᠭᠠᠨᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号