| | ᠡᠨᠡ ᠵᠢᠯ ᠠᠴᠠ ᠨᠠᠰᠢ᠂ ᠤᠯᠠᠭᠠᠨᠬᠤᠲᠠ ᠤᠰᠤᠨ ᠠᠰᠢᠭᠯᠠᠯᠲᠠ ᠶᠢᠨ ᠦᠶᠡᠷ ᠢ ᠰᠡᠷᠭᠡᠶᠢᠯᠡᠬᠦ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠪᠠᠨ ᠲᠠᠰᠤᠷᠠᠯᠲᠠ ᠥᠬᠡᠶ ᠲᠦᠷᠭᠡᠳᠬᠡᠵᠦ᠂ ᠠᠭᠤᠯᠠᠨ ᠦᠶᠡᠷ ᠤᠨ ᠭᠤᠤ ᠵᠢᠯᠠᠭ᠎ᠠ ᠶᠢ | ᠵᠠᠰᠠᠬᠤ ᠠᠵᠢᠯ ᠢ ᠠᠬᠢᠭᠤᠯᠵᠤ᠂ ᠭᠤᠤᠯ ᠮᠦᠷᠡᠨ ᠤ ᠤᠷᠤᠰᠬᠠᠯ ᠤᠨ ᠵᠠᠮ ᠤᠨ ᠦᠶᠡᠷ ᠢ ᠰᠡᠷᠭᠡᠶᠢᠯᠡᠵᠦ ᠤᠰᠤᠲᠤᠯ ᠢ | ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠲᠤᠬᠠᠶ ᠶᠢᠨ ᠭᠠᠵᠠᠷ ᠤᠨ ᠪᠠᠶᠢᠭᠠᠯᠢ ᠶᠢᠨ ᠭᠠᠮᠰᠢᠭ ᠤᠨ ᠠᠶᠤᠯ | ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠲᠡᠭᠡᠭᠰᠢᠯᠡᠬᠦᠯᠵᠤ᠂ ᠣᠯᠠᠨ ᠲᠦᠮᠡᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ ᠪᠠᠶᠢᠨ᠎ᠠ᠃ | | ᠢᠯᠠᠯᠲᠠ ᠪᠠᠯᠭᠠᠰᠤᠨ ᠤ ᠰᠢᠶᠣᠤ ᠵᠧᠤ ᠵᠢᠶᠠ ᠭᠸᠦ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ | ᠢᠨᠵᠧᠨᠧᠷᠢᠩ ᠤᠨ ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ ᠳᠤ᠂ ᠮᠠᠯᠲᠠᠭᠤᠷ ᠮᠠᠰᠢᠨ᠂ ᠰᠢᠷᠣᠶ | ᠲᠦᠯᠬᠢᠬᠦ ᠮᠠᠰᠢᠨ ᠲᠠᠰᠤᠷᠠᠯᠲᠠ ᠦᠭᠡᠢ ᠬᠦᠷᠴᠢᠬᠢᠨᠠᠵᠤ᠂ ᠨᠠᠰᠢ ᠴᠠᠰᠢ ᠰᠦᠯᠵᠢᠯᠳᠤᠨ᠂ ᠠᠵᠢᠯᠴᠢᠳ ᠥᠪᠡᠷ | ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠴᠢ ᠵᠣᠷᠢᠭ ᠢᠶᠠᠨ ᠬᠥᠪᠴᠢᠯᠡᠨ ᠠᠵᠢᠯᠯᠠᠨ᠎ᠠ᠃ | ᠰᠢᠶᠤᠤ ᠵᠧᠤ ᠵᠢᠶᠠ ᠭᠸᠦ ᠠᠭᠤᠯᠠᠨ ᠦᠶᠡᠷ ᠤᠨ ᠭᠤᠤ ᠵᠢᠯᠠᠭ᠎ᠠ ᠶᠢ ᠵᠠᠰᠠᠬᠤ ᠢᠨᠵᠧᠨᠧᠷᠢᠩ ᠤᠨ ᠶᠡᠷᠦᠩᠬᠡᠶ | ᠪᠠᠯᠠ ᠣᠷᠣᠭᠤᠯᠤᠯᠲᠠ ᠨᠢ 1000 ᠲᠦᠮᠡᠨ ᠲᠥᠭᠦᠷᠢᠭ᠂ ᠶᠡᠷᠦᠩᠬᠡᠶ ᠣᠷᠳᠣ ᠨᠢ 3.6 ᠺᠢᠯᠤᠮᠧᠲᠷ᠂ ᠡᠬᠢᠯᠡᠯᠳᠡ | ᠶᠢᠨ ᠴᠡᠭ ᠨᠢ ᠲᠤᠸᠠᠨ ᠵᠢᠶᠧ ᠭᠠᠴᠠᠭ᠎ᠠ ᠶᠢᠨ ᠪᠠᠷᠠᠭᠤᠨ ᠲᠠᠯ᠎ᠠ ᠳᠤ ᠪᠠᠶᠢᠵᠤ᠂ ᠨᠢᠭᠡᠨᠲᠡ 1.5 ᠺᠢᠯᠤᠮᠧᠲᠷ ᠢ ᠨᠢ | ᠵᠠᠰᠠᠵᠤ ᠲᠠᠭᠤᠰᠬᠠᠵᠠᠢ᠃ | | ᠣᠶᠢᠯᠠᠭᠠᠭᠰᠠᠨ ᠢᠶᠠᠷ᠂ ᠢᠯᠠᠯᠲᠠ ᠪᠠᠯᠭᠠᠰᠤᠨ ᠤ ᠰᠢᠶᠤᠤ ᠵᠧᠤ ᠵᠢᠶᠠ ᠭᠧᠤ ᠳᠤ ᠵᠣᠨ ᠳᠠᠭᠠᠨ ᠤᠰᠤᠨ ᠤ | ᠤᠷᠤᠰᠬᠠᠯ ᠨᠡᠯᠢᠶᠡᠳ ᠶᠡᠭᠡ᠂ ᠡᠪᠦᠯ ᠳᠡᠭᠡᠨ ᠵᠠᠮ ᠳᠡᠭᠡᠷ᠎ᠡ ᠮᠥᠰᠥ ᠬᠥᠯᠳᠡᠵᠦ᠂ ᠦᠶᠡᠷ ᠤᠨ ᠬᠤᠭᠤᠴᠠᠭᠠᠨ ᠳᠤ | ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠪᠥᠭᠡᠳ ᠪᠠᠰᠠ ᠲᠤᠸᠠᠨ ᠵᠢᠶᠧ ᠭᠠᠴᠠᠭᠠᠨ ᠤ ᠰᠠᠭᠤᠭᠠᠯᠢ | ᠠᠷᠠᠳ ᠤᠨ ᠶᠠᠪᠤᠵᠤ ᠰᠠᠭᠤᠬᠤ ᠳᠤ ᠲᠦᠬᠦᠮ ᠦᠭᠡᠢ᠃ ᠰᠢᠶᠤᠤ ᠵᠧᠤ ᠵᠢᠶᠠ ᠭᠸᠦ ᠠᠭᠤᠯᠠᠨ ᠦᠶᠡᠷ ᠤᠨ ᠭᠤᠤ | ᠵᠢᠯᠠᠭ᠎ᠠ ᠶᠢ ᠵᠠᠰᠠᠬᠤ ᠢᠨᠵᠧᠨᠧᠷᠢᠩ ᠤᠨ ᠲᠥᠷᠥᠯ ᠵᠦᠢᠯ ᠤᠨ ᠬᠡᠷᠡᠭᠵᠢᠭᠦᠯᠦᠯᠲᠡ ᠨᠢ ᠭᠤᠤᠯ ᠮᠦᠷᠡᠨ ᠤ ᠭᠤᠯᠳᠤᠷᠢᠯ | ᠤᠨ ᠦᠶᠡᠷ ᠢ ᠰᠡᠷᠭᠡᠶᠢᠯᠡᠬᠦ ᠢᠨᠵᠧᠨᠧᠷᠢᠩ ᠤᠨ ᠰᠢᠰᠲ᠋ᠧᠮ ᠢ ᠤᠯᠠᠮ ᠨᠢᠭᠡ ᠠᠯᠬᠤᠮ ᠪᠠᠬᠢᠵᠢᠭᠦᠯᠵᠦ᠂ | ᠤᠯᠠᠭᠠᠨᠬᠤᠲᠠ ᠶᠢᠨ ᠭᠤᠤᠯ ᠤᠨ ᠵᠠᠮ ᠤᠨ ᠦᠶᠡᠷ ᠢ ᠰᠡᠷᠭᠡᠶᠢᠯᠡᠬᠦ ᠴᠢᠳᠠᠮᠵᠢ ᠪᠠ ᠳᠣᠤᠷᠠᠳᠤ ᠤᠷᠤᠰᠬᠠᠯ ᠤᠨ ᠤᠰᠤ | ᠨᠥᠬᠦᠪᠥᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠠᠮᠲᠤ ᠲᠤᠸᠠᠨ ᠵᠢᠶᠧ ᠭᠠᠴᠠᠭᠠᠨ ᠤ ᠰᠠᠭᠤᠭᠠᠯᠢ ᠠᠷᠠᠳ ᠤᠨ | ᠠᠮᠤᠷ ᠲᠦᠪᠰᠢᠨ᠂ ᠶᠠᠪᠤᠵᠤ ᠰᠠᠭᠤᠬᠤ ᠳᠤ ᠲᠥᠬᠦᠮ ᠦᠵᠡᠭᠦᠯᠵᠦ᠂ ᠢᠯᠠᠯᠲᠠ ᠪᠠᠯᠭᠠᠰᠤᠨ ᠤ ᠠᠵᠤ ᠠᠬᠤᠶ ᠵᠢᠴᠢ | ᠠᠷᠠᠳ ᠤᠨ ᠠᠮᠢᠳᠤᠷᠠᠯ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠣᠯᠤᠨ᠎ᠠ᠃ |