ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠨᠢᠩᠰᠢᠶᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/25
   ᠰᠢᠨᠬᠤᠸᠠ ᠬᠤᠷᠢᠶ᠎ᠠ ᠶᠢᠨ ᠢᠷᠭᠠᠢ ᠶᠢᠨ 6 ᠰᠠᠷ᠎ᠠ ᠶᠢᠨ 21 ᠤ ᠴᠠᠭᠢᠯᠭᠠᠨ ᠮᠡᠳᠡᠭᠡ  ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ ᠨᠢᠩᠰᠢᠶᠠ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠪᠠ ᠬᠠᠮᠲᠤ ᠪᠠᠷ ᠪᠠᠶᠠᠵᠢᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠢ ᠴᠡᠴᠡᠭᠯᠡᠨ ᠬᠥᠭᠵᠢᠭᠰᠡᠨ᠂ ᠦᠨᠳᠦᠰᠦᠲᠡᠨ ᠨᠦᠭᠦᠳ ᠪᠦᠯᠬᠦᠮᠳᠡᠭᠰᠡᠨ᠂ ᠣᠷᠴᠢᠨ ᠲᠣᠭᠤᠷᠢᠨ ᠭᠤᠶᠤ ᠰᠠᠶᠢᠬᠠᠨ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠢᠨ᠎ᠡ ᠨᠢᠩᠰᠢᠶᠠ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠨᠢᠩᠰᠢᠶᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
   6 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ ᠰᠢ ᠶᠢᠨ ᠫᠢᠩ ᠢᠷᠭᠠᠢ ᠬᠤᠳᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠷᠳᠡᠭᠡ ᠳᠤ ᠡᠮᠨᠡᠯᠭᠡ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ
 
   6 ᠰᠠᠷ᠎ᠠ ᠶᠢᠨ 19 ᠤ ᠡᠳᠦᠷ ᠠᠴᠠ 20 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ ᠰᠢ ᠶᠢᠨ ᠫᠢᠩ ᠢᠷᠭᠠᠢ ᠬᠤᠳᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠲᠤ ᠰᠢᠨᠵᠢᠯᠡᠨ ᠪᠠᠶᠢᠴᠠᠭᠠᠬᠤ ᠳᠠᠭᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃    ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ    6 ᠰᠠᠷ᠎ᠠ ᠶᠢᠨ 19 ᠤ ᠡᠳᠦᠷ ᠰᠢ ᠶᠢᠨ ᠫᠢᠩ ᠬᠥᠬᠡᠨᠠᠭᠤᠷ ᠲᠠᠬᠢ ᠰᠢᠨᠵᠢᠯᠡᠨ ᠪᠠᠶᠢᠴᠠᠭᠠᠯᠲᠠ ᠪᠠᠨ ᠲᠡᠭᠦᠰᠬᠡᠭᠰᠡᠨ ᠤ ᠳᠠᠷᠠᠭ᠎ᠠ ᠨᠢᠩᠰᠢᠶᠠ ᠳᠤ ᠭᠦᠷᠪᠡ᠃ ᠲᠤᠰ ᠡᠳᠦᠷ ᠤᠨ ᠦᠳᠡ ᠶᠢᠨ ᠬᠤᠶᠢᠨ᠎ᠠ ᠲᠡᠷᠡ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢᠶᠠᠩ ᠶᠠᠨ ᠱᠦᠨ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠵᠠᠩ ᠢᠦᠢ ᠫᠦ᠋ ᠶᠢᠨ ᠪᠠᠷ᠎ᠠ ᠪᠤᠯᠤᠯᠭ᠎ᠠ ᠲᠠᠢ ᠪᠠᠷ ᠢᠷᠭᠠᠢ ᠬᠤᠳᠠ ᠳᠤ ᠬᠦᠷᠴᠦ ᠪᠠᠶᠢᠴᠠᠭᠠᠨ ᠰᠤᠳᠤᠯᠵᠠᠢ᠃    ᠢᠷᠭᠠᠢ ᠬᠤᠲᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠮᠣ ᠭᠡᠯᠪᠡᠷᠢ ᠶᠢᠨ ᠨᠡᠶᠢᠭᠡᠮ ᠲᠣᠭᠤᠷᠢᠭ ᠪᠣᠯᠣᠨ᠎ᠠ᠃ ᠰᠢ ᠶᠢᠨ ᠫᠢᠩ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠢᠩᠬᠢᠮ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠥᠷᠲᠡᠭᠡ ᠂ ᠬᠠᠶᠢᠷ᠎ᠠ ᠬᠠᠯᠠᠮᠵᠢᠲᠤ ᠬᠠᠮ ᠳᠡᠯᠭᠡᠭᠦᠷ ᠲᠤ ᠬᠦᠷᠴᠦ᠂ ᠨᠡᠶᠢᠭᠡᠮ ᠲᠣᠭᠤᠷᠢᠭ ᠤᠨ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠪᠠᠶᠢᠬᠤ᠂ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠥᠷᠨᠢᠭᠦᠯᠵᠦ ᠪᠠᠶᠢᠬᠤ ᠪᠠ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠥᠷᠨᠢᠭᠦᠯᠵᠦ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠠᠭ᠎ᠠ ᠨᠢ ᠲᠡᠷᠡ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠬ ᠲᠤ ᠬᠦᠷᠴᠦ᠂ ᠰᠠᠭᠤᠭᠠᠯᠢ ᠠᠷᠠᠳ ᠤᠨ ᠴᠠᠭᠠᠰᠤᠨ ᠬᠠᠶᠢᠴᠢᠯᠠᠮᠠᠯ ᠤᠨ ᠵᠣᠬᠢᠶᠠᠨ ᠪᠦᠲᠦᠭᠡᠯᠭᠡ᠂ ᠪᠥᠵᠢᠭ ᠤᠨ ᠪᠣᠯᠪᠠᠰᠤᠷᠠᠯ ᠢ ᠰᠣᠨᠢᠷᠬᠠᠵᠤ᠂ ᠤᠯᠠᠨ ᠲᠠᠢ ᠳᠣᠲᠣᠨᠣ ᠪᠠᠷ ᠶᠠᠷᠢᠯᠴᠠᠨ ᠰᠣᠯᠢᠯᠴᠠᠵᠤ᠂ ᠠᠵᠢᠯ ᠠᠴᠠ ᠪᠠᠨ ᠠᠮᠠᠷᠠᠭᠰᠠᠨ ᠰᠠᠭᠤᠭᠠᠯᠢ ᠠᠷᠠᠳ ᠤᠨ ᠥᠲᠡᠯᠪᠡᠯ ᠭᠦᠷᠳᠡᠭᠦ ᠠᠰᠠᠷᠠᠮᠵᠢ ᠲᠠᠢ᠂ ᠥᠲᠡᠯᠪᠡᠯ ᠪᠠᠶᠠᠷ ᠪᠠᠶᠠᠰᠤᠯ ᠲᠠᠢ ᠪᠠᠶᠢᠬᠤ ᠪᠠᠷ ᠪᠠᠷᠠᠬᠤ ᠦᠭᠡᠢ ᠪᠠᠰᠠ ᠥᠲᠡᠯᠪᠡᠯ ᠬᠢᠬᠦ ᠠᠵᠢᠯ ᠲᠠᠢ ᠪᠠᠶᠢᠬᠤ ᠶᠢ ᠵᠣᠷᠢᠭᠵᠢᠭᠤᠯᠪᠠ᠃ ᠰᠢ ᠶᠢᠨ ᠫᠢᠩ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠦᠨᠳᠦᠰᠦᠨ ᠱᠠᠲᠤᠨ ᠤ ᠤᠯᠠᠨ ᠲᠦᠮᠡᠨ ᠲᠠᠢ ᠬᠠᠷᠢᠯᠴᠠᠬᠤ ᠮᠡᠳᠡᠷᠡᠯ ᠤᠨ ᠰᠡᠵᠢᠭᠦᠷ ᠪᠣᠯᠣᠨ᠎ᠠ᠂ ᠨᠡᠶᠢᠭᠡᠮ ᠲᠣᠭᠤᠷᠢᠭ ᠲᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ ᠬᠦᠴᠦᠷᠬᠡᠭᠵᠢᠭᠦᠯᠪᠡᠯ ᠨᠡᠶᠢᠭᠡᠮ ᠲᠣᠭᠤᠷᠢᠭ ᠤᠨ ᠠᠵᠢᠯ ᠳᠠᠷᠤᠢ ᠲᠦᠰᠢᠭ ᠲᠤᠯᠭᠠᠭᠤᠷᠢ ᠲᠠᠢ ᠪᠣᠯᠣᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠱᠧᠦ ᠴᠧᠩ ᠤᠨ ᠭᠡᠷ ᠲᠤ ᠬᠦᠷᠴᠦ᠂ ᠨᠢᠭᠡ ᠭᠡᠷ ᠤᠨ ᠬᠥᠮᠥᠰ ᠲᠠᠢ ᠬᠠᠮᠲᠤ ᠰᠠᠭᠤᠯᠴᠠᠨ ᠵᠣᠭᠤᠭ ᠳᠡᠯᠭᠡᠵᠦ᠂ ᠲᠡᠳᠡᠨ ᠤ ᠠᠵᠢᠯ ᠣᠯᠣᠭᠰᠠᠨ᠂ ᠣᠷᠣᠯᠭ᠎ᠠ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ᠂ ᠬᠡᠦᠬᠡᠳ ᠤᠨ ᠬᠢᠨᠢ ᠰᠤᠷᠤᠯᠭ᠎ᠠ ᠵᠡᠷᠭᠡ ᠪᠠᠶᠢᠳᠠᠯ ᠢ ᠣᠶᠢᠯᠠᠭᠠᠵᠤ᠂ ᠲᠡᠳᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠵᠤ᠂ ᠬᠡᠦᠬᠡᠳ ᠤᠨ ᠬᠢᠨᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠵᠣᠷᠢᠭᠵᠢᠭᠤᠯᠪᠠ᠃ ᠵᠣᠣ ᠱᠧᠦ ᠴᠧᠩ ᠶᠡᠷᠦᠩᠬᠡᠢ ᠱᠦᠵᠢ ᠳᠤ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠮᠠᠰᠢ ᠬᠠᠯᠠᠮᠵᠢᠯᠠᠵᠤ᠂ ᠢᠯᠠᠩᠭᠤᠶ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠮᠠᠰᠢ ᠣᠯᠠᠨ ᠪᠣᠳᠠᠲᠤ ᠶᠠᠪᠤᠳᠠᠯ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠭᠡᠮ ᠲᠣᠭᠤᠷᠢᠭ ᠲᠤ ᠡᠶ᠎ᠡ ᠨᠠᠶᠢᠷᠲᠠᠢ ᠪᠠᠷ ᠬᠠᠮᠲᠤ ᠣᠷᠣᠰᠢᠵᠤ᠂ ᠮᠠᠰᠢ ᠲᠠᠭᠠᠯᠠᠮᠵᠢᠲᠠᠢ ᠠᠮᠢᠳᠤᠷᠠᠵᠤ ᠪᠠᠶᠢᠨ᠎ᠠ ᠭᠡᠵᠦ ᠬᠡᠯᠡᠵᠦ ᠥᠭᠴᠡᠢ᠃ ᠰᠢ ᠶᠢᠨ ᠫᠢᠩ᠂ ᠮᠠᠨ ᠤ ᠨᠠᠮ ᠪᠣᠯ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ ᠦᠨᠳᠦᠰᠦᠲᠡᠨ ᠨᠦᠭᠦᠳ ᠤᠨ ᠤᠯᠠᠨ ᠲᠦᠮᠡᠨ᠂ ᠠᠶᠢᠯ ᠡᠷᠦᠭᠡ ᠪᠣᠯᠭᠠᠨ ᠢ ᠪᠢ ᠴᠥᠮ ᠰᠡᠳᠬᠢᠯ ᠳᠡᠭᠡᠨ ᠪᠤᠳᠤᠳᠠᠭ᠃ ᠲᠠ ᠨᠠᠷ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠪᠠᠨ ᠨᠠᠩ ᠰᠠᠶᠢᠲᠤᠷ ᠬᠢᠵᠦ᠂ ᠠᠮᠢᠳᠤᠷᠠᠯ ᠢᠶᠠᠨ ᠤᠯᠠᠮ ᠰᠠᠶᠢᠨ ᠪᠤᠯᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ᠃    ᠪᠦᠷᠦᠢ ᠪᠤᠯᠬᠤ ᠶᠢᠨ ᠦᠶ᠎ᠡ ᠪᠠᠷ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠲᠦᠢᠯ ᠤᠨ ᠭᠦᠷ ᠬᠥᠭᠵᠢᠶᠡᠨ ᠲᠠᠢ ᠪᠠᠶᠢᠯ᠎ᠠ᠃ ᠰᠠᠭᠤᠭᠠᠯᠢ ᠠᠷᠠᠳ ᠤᠳ ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠣᠯᠵᠤ ᠦᠵᠡᠭᠡᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ᠂ ᠬᠠᠯᠠᠭᠤᠨ ᠢᠶᠠᠷ ᠠᠯᠠᠭ᠎ᠠ ᠲᠠᠰᠢᠵᠤ ᠤᠭᠲᠤᠪᠠ᠃ ᠰᠢ ᠶᠢᠨ ᠫᠢᠩ ᠤᠯᠠᠨ ᠳᠤ 4 ᠵᠢᠯ ᠠᠯᠤᠰᠯᠠᠭᠠᠳ ᠪᠢ ᠨᠢᠩᠰᠢᠶᠠ ᠳᠤ ᠳᠠᠬᠢᠨᠲᠠ ᠢᠷᠡᠵᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠭᠢᠨ ᠦᠵᠡᠵᠦ ᠪᠠᠶᠢᠨ᠎ᠠ᠂ ᠤᠯᠠᠨ ᠲᠠᠢ ᠠᠭᠤᠯᠵᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ︕    ᠳᠤᠮᠳᠠᠳᠤ ᠶᠢᠨ ᠦᠨᠳᠦᠰᠦᠲᠡᠨ ᠪᠣᠯ ᠨᠢᠭᠡ ᠲᠣᠮᠣ ᠭᠡᠷ ᠪᠦᠯᠢ ᠮᠥᠨ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠬᠦ ᠬᠡᠷᠡᠭᠲᠡᠢ ᠭᠡᠵᠦ ᠳᠣᠲᠣᠨᠣ ᠪᠠᠷ ᠬᠡᠯᠡᠪᠡ᠃    20 ᠤ ᠦᠳᠡ ᠶᠢᠨ ᠡᠮᠦᠨ᠎ᠡ ᠰᠢ ᠶᠢᠨ ᠫᠢᠩ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠢᠩᠰᠢᠶᠠ ᠶᠢᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ᠃    ᠰᠢ ᠶᠢᠨ ᠫᠢᠩ᠂ ᠨᠢᠩᠰᠢᠶᠠ ᠶᠢᠨ ᠭᠠᠵᠠᠷ ᠵᠦᠢ ᠶᠢᠨ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ ᠳᠠᠪᠠᠭᠤᠯᠢᠭ ᠣᠨᠴᠠᠭᠠᠢ᠂ ᠥᠪᠡᠷᠮᠢᠴᠡ ᠣᠨᠴᠠᠯᠢᠬᠵᠢᠬᠰᠠᠨ᠂ ᠵᠥᠷᠢᠶᠡᠴᠢᠯᠡᠭᠰᠡᠨ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠨᠢᠩᠰᠢᠶᠠ ᠶᠢᠨ ᠳᠠᠪᠠᠭᠤᠯᠢᠭ ᠢ ᠢᠯᠡᠷᠡᠭᠦᠯᠦᠭᠰᠡᠨ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠭᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ᠂ ᠰᠠᠯᠬᠢᠨ ᠬᠦᠴᠦᠨ ᠤ ᠴᠠᠭᠢᠯᠭᠠᠨ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ ᠵᠡᠷᠭᠡ ᠴᠡᠪᠡᠷ ᠡᠨᠧᠷᠭᠢ ᠶᠢᠨ ᠠᠵᠤ ᠦᠢᠯᠡᠰ᠂ ᠦᠵᠦᠮ ᠤᠨ ᠠᠷᠢᠬᠢ᠂ ᠴᠢᠨ᠋ᠸ᠎ᠠ ᠶᠢᠨ ᠬᠠᠷᠮᠠᠭ ᠵᠡᠷᠭᠡ ᠣᠨᠴᠠᠯᠢᠭᠲᠤ ᠠᠵᠤ ᠦᠢᠯᠡᠰ ᠢ ᠨᠠᠷᠢᠯᠢᠭ ᠬᠢᠵᠦ᠂ ᠦᠷᠭᠦᠯᠵᠢᠯᠡᠨ ᠬᠥᠭᠵᠢᠭᠦᠯᠬᠦ ᠬᠡᠷᠡᠭᠲᠡᠢ᠃ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠣᠨᠴᠠᠯᠢᠭᠲᠤ ᠵᠢᠭᠤᠯᠴᠢᠯᠠᠯ᠂ ᠪᠦᠭᠦ ᠣᠷᠣᠨ ᠪᠦᠰᠡ ᠶᠢᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠡᠷᠴᠢᠮ ᠢ ᠴᠢᠩᠭᠠᠷᠠᠭᠤᠯᠤᠨ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃ ᠨᠢᠩᠰᠢᠶᠠ ᠶᠢᠨ ᠬᠤᠶᠢᠲᠤ ᠬᠡᠰᠡᠭ ᠤᠨ ᠬᠠᠲᠤᠨ ᠭᠤᠣᠯ ᠤᠨ ᠤᠰᠤᠯᠠᠯᠲᠠ ᠶᠢᠨ ᠣᠷᠣᠨ᠂ ᠳᠤᠮᠳᠠ ᠬᠡᠰᠡᠭ ᠤᠨ ᠭᠠᠩ ᠬᠠᠭᠤᠷᠠᠢ ᠣᠷᠣᠨ ᠪᠦᠰᠡ᠂ ᠡᠮᠦᠨᠡᠲᠦ ᠬᠡᠰᠡᠭ ᠤᠨ ᠠᠭᠤᠯᠠᠷᠬᠠᠭ ᠣᠷᠣᠨ ᠲᠣᠰ ᠲᠣᠰ ᠤᠨ ᠢᠶᠠᠨ ᠣᠨᠴᠠᠯᠢᠭ ᠲᠠᠢ ᠪᠠᠶᠢᠵᠤ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ᠂ ᠡᠬᠢ ᠪᠠᠶᠠᠯᠢᠭ ᠣᠷᠴᠢᠨ ᠲᠣᠭᠤᠷᠢᠨ ᠤ ᠪᠠᠭᠲᠠᠭᠠᠮᠵᠢ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠳᠠᠯᠳᠠ ᠬᠦᠴᠦᠨ ᠢ ᠣᠨᠣᠪᠴᠢᠲᠠᠶ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠬᠦ ᠪᠠ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠭᠤᠯᠠ ᠤᠰᠤᠨ ᠬᠠᠷᠢᠯᠴᠠᠨ ᠲᠦᠰᠢᠯᠴᠡᠭᠰᠡᠨ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ᠂ ᠣᠷᠣᠨ ᠪᠦᠰᠡ ᠶᠢ ᠬᠤᠯᠪᠣᠯᠳᠤᠨ ᠬᠥᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠨᠢᠩᠰᠢᠶᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠰᠦᠪᠡᠭᠴᠢᠯᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠳᠦᠷᠢᠮ ᠢ ᠲᠡᠭᠦᠯᠳᠡᠷᠵᠢᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠤᠶᠠᠯᠳᠤᠭᠤᠯᠬᠤ ᠶᠢ ᠪᠠᠷᠢᠮᠲᠠᠯᠠᠨ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠠᠷᠠᠪ ᠤᠨ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠳᠣᠲᠣᠭᠠᠳᠤ ᠡᠬᠡ ᠬᠠᠭᠤᠷᠠᠢ ᠶᠢᠨ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠬᠠᠳᠤᠨ ᠭᠤᠣᠯ ᠪᠣᠯᠣᠨ ᠠᠯᠠᠱᠠ ᠠᠭᠤᠯᠠ᠂ ᠯᠢᠦ ᠫᠠᠨ ᠱᠠᠨ ᠠᠭᠤᠯᠠ᠂ ᠯᠥᠸᠧ ᠱᠠᠨ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠨᠢᠩᠰᠢᠶᠠ ᠶᠢᠨ ᠥᠭᠡᠷᠡᠴᠢᠯᠡᠯᠲᠡ ᠬᠥᠭᠵᠢᠯᠲᠡ ᠶᠢ ᠲᠥᠯᠥᠪᠵᠢᠭᠦᠯᠬᠦ ᠰᠠᠭᠤᠷᠢ ᠪᠤᠯᠬᠤ ᠪᠠᠷᠢᠮᠵᠢᠶ᠎ᠠ ᠪᠣᠯᠣᠨ᠎ᠠ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠤᠨ ᠪᠡᠶᠡᠯᠡᠭᠳᠡᠯ ᠤᠨ ᠲᠣᠭᠲᠠᠴᠠ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠬᠦ ᠬᠡᠷᠡᠭᠲᠡᠢ᠃ ᠬᠠᠲᠤᠨ ᠭᠤᠣᠯ ᠤᠨ ᠶᠡᠭᠡ ᠲᠣᠬᠤᠢ ᠣᠷᠣᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠴᠦᠯᠯᠡᠷᠭᠡᠭ ᠭᠠᠵᠠᠷ ᠢ ᠬᠠᠮᠠᠭᠠᠯᠠᠨ ᠰᠡᠷᠭᠦᠭᠡᠬᠦ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠠᠷᠤ ᠭᠠᠵᠠᠷ ᠤᠨ ᠵᠢᠶᠠᠩᠨᠠᠨ︾ ᠢ ᠶᠠᠪᠤᠬᠤ ᠲᠤᠳᠤᠮ ᠦᠵᠡᠰᠬᠦᠯᠡᠩᠲᠦ ᠰᠠᠶᠢᠬᠠᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠲᠦᠭᠡᠮᠡᠯ ᠭᠦᠷᠳᠡᠭᠡᠮᠵᠢᠲᠦ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ᠂ ᠬᠥᠯᠥᠰᠦᠨ ᠲᠠᠷᠢᠶᠠᠴᠢᠨ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ᠃ ᠬᠥᠮᠥᠨ ᠠᠮᠠ ᠶᠢᠨ ᠰᠢᠯᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠵᠠᠭᠤᠨ ᠲᠦᠮᠡᠨ ᠨᠡᠭᠦᠳᠡᠯ ᠠᠷᠠᠳ ᠢ ᠪᠠᠶᠠᠵᠢᠭᠤᠯᠤᠨ ᠲᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠪᠣᠯᠬᠢ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠨᠡᠶᠢᠭᠡᠮ ᠠᠴᠠ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠪᠠᠶᠢᠭᠤᠯᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠬᠠᠷᠢᠯᠴᠠᠨ ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠤᠷᠲᠠᠬᠤᠨ ᠤ ᠡᠲᠡᠭᠡᠳ ᠢ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃    ᠰᠢ ᠶᠢᠨ ᠫᠢᠩ᠂ ᠪᠦᠭᠦ ᠨᠠᠮ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ᠂ ᠰᠡᠳᠬᠢᠯ ᠠᠮᠤᠷ ᠠᠵᠢᠯᠯᠠᠵᠤ᠂ ᠵᠣᠷᠢᠭᠲᠠᠢ ᠪᠠᠷ ᠠᠵᠢᠯᠯᠠᠵᠤ᠂ ᠵᠣᠷᠢᠭᠲᠠᠢ ᠪᠠᠷ ᠡᠷᠡᠮᠡᠬᠡᠶᠢᠯᠡᠨ ᠲᠠᠪᠰᠢᠵᠤ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠨᠠᠮᠴᠢ ᠴᠢᠨᠠᠷ᠂ ᠨᠠᠮ ᠤᠨ ᠰᠤᠷᠲᠠᠯ᠂ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠯᠢᠳᠡᠭ ᠨᠠᠮ ᠤᠨ ᠰᠤᠷᠲᠠᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号