ᠦᠰᠦᠭ ᠪᠢᠴᠢᠭ ᠢᠶᠠᠷ ᠦᠬᠦᠯᠡᠬᠦᠢ᠄ ᠤᠯᠠᠭᠠᠨᠬᠤᠲᠠ ᠶᠢᠨ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠲᠥᠯᠥᠪᠵᠢᠭᠦᠯᠭᠡ ︵2022 — 2030 ᠣᠨ︶
ᠨᠡᠶᠢᠲᠡᠯᠡᠭᠰᠡᠨ ᠴᠠᠭ᠄
2024/6/26
  ᠨᠢᠭᠡ᠂ ᠵᠢᠯᠣᠭᠤᠳᠬᠤ ᠦᠵᠡᠯ ᠰᠠᠨᠠᠭ᠎ᠠ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠪᠦᠬᠦ ᠣᠷᠣᠨ᠂ ᠪᠦᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠡᠵᠡᠮᠳᠡᠵᠦ᠂ ᠠᠮᠢ ᠠᠬᠤᠶ ᠪᠠᠷ ᠠᠷᠠᠳ ᠲᠤ ᠬᠠᠷᠠᠭᠠᠯᠵᠠᠯ ᠦᠵᠡᠬᠦᠯᠬᠦ᠂ ᠠᠮᠢ ᠠᠬᠤᠶ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠶ ᠪᠠᠷ ᠠᠷᠠᠳ ᠲᠤ ᠦᠢᠯᠡᠴᠢᠯᠡᠬᠦ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠦᠨ︾ ᠭᠡᠬᠦ ᠪᠣᠬᠢᠷᠲᠤᠯ ᠦᠭᠡᠶ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠠᠮᠢ ᠠᠬᠤᠶ ᠶᠢ ᠠᠵᠤ ᠤᠶᠢᠯᠡᠰᠵᠢᠬᠦᠯᠬᠦ᠂ ᠠᠵᠤ ᠤᠶᠢᠯᠡᠰ ᠢ ᠠᠮᠢ ᠠᠬᠤᠶᠢᠵᠢᠭᠤᠯᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠪᠣᠬᠢᠷᠲᠤᠯ ᠥᠬᠡᠶ ᠠᠵᠤ ᠠᠬᠤᠶ ᠶᠢᠨ ᠰᠢᠰᠲ᠋ᠧᠮ ᠢ ᠪᠠᠶᠢᠭᠤᠯᠵᠤ᠂ ᠠᠮᠢ ᠠᠬᠤᠶ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠬᠢᠷᠲᠤᠯ ᠢ ᠰᠡᠷᠭᠡᠶᠢᠯᠡᠨ ᠵᠠᠰᠠᠬᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠢ ᠪᠦᠷᠢᠨᠰᠢᠬᠦᠯᠦᠨ᠂ ᠬᠥᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠬᠥᠭᠵᠢᠭᠰᠡᠨ ᠣᠳᠣᠬᠢᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠨᠣᠭᠤᠭᠠᠨ ᠦᠩᠭᠡ ᠶᠢ ᠤᠯᠠᠭᠠᠨᠬᠤᠲᠠ ᠶᠢᠨ ᠬᠥᠭᠵᠢᠯᠲᠡ ᠶᠢᠨ ᠬᠠᠮᠤᠭ ᠤᠨ ᠰᠡᠳᠬᠢᠯ ᠬᠥᠳᠡᠯᠭᠡᠮ᠎ᠡ ᠦᠩᠭᠡ ᠪᠤᠳᠤᠭ ᠪᠣᠯᠭᠠᠵᠤ᠂ ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠠ᠃      ᠬᠤᠶᠠᠷ᠂ ᠲᠥᠯᠥᠪᠵᠢᠭᠦᠯᠭᠡ ᠶᠢᠨ ᠠᠬᠤᠶ ᠪᠠᠶᠢᠳᠠᠯ       ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠶᠢᠨ ᠲᠥᠯᠥᠭᠡ᠂ ᠮᠠᠨ ᠤ ᠬᠤᠲᠠ ᠤᠯᠤᠰ ᠤᠨ ᠲᠠᠰ ᠤᠨ ᠰᠤᠳᠤᠯᠭᠠᠨ ᠤ ᠪᠦᠯᠬᠦᠮ ᠢ ᠤᠷᠢᠵᠤ ︽ᠤᠯᠠᠭᠠᠨᠬᠤᠲᠠ ᠶᠢᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ︵2016— 2020︶︾ ᠶᠢ ᠨᠠᠶᠢᠷᠠᠭᠤᠯᠤᠨ ᠵᠣᠬᠢᠶᠠᠭᠰᠠᠨ ᠪᠥᠭᠡᠳ 2018 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ ᠬᠤᠷᠢᠶ᠎ᠠ ᠶᠢᠨ ᠤᠯᠠᠭᠠᠨᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ᠲᠥᠯᠥᠪᠵᠢᠭᠦᠯᠭᠡ ᠶᠢᠨ ᠬᠤᠭᠤᠴᠠᠭ᠎ᠠ ᠨᠢ 2020 ᠣᠨ ᠳᠤ ᠲᠡᠭᠦᠰᠦᠨ᠎ᠡ᠃ 2019 ᠣᠨ ᠳᠤ᠂ ᠮᠠᠨ ᠤ ᠬᠤᠲᠠ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠵᠣᠬᠢᠶᠠᠨ ᠪᠠᠶᠢᠭᠤᠯᠤᠭᠰᠠᠨ ᠭᠤᠷᠪᠠᠳᠤᠭᠠᠷ ᠪᠦᠯᠦᠭ ᠤᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠣᠷᠣᠨ ᠤ ᠴᠣᠯᠠ ᠶᠢ ᠬᠦᠷᠲᠡᠪᠡ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠰᠢᠶᠠᠨ ᠤ ᠬᠠᠮᠢᠶᠠᠷᠤᠯᠲᠠ ᠶᠢᠨ ᠳᠦᠷᠢᠮ︾ ︵ᠵᠠᠰᠠᠪᠤᠷᠢ ᠣᠷᠣᠭᠤᠯᠤᠭᠰᠠᠨ ᠬᠡᠪᠯᠡᠯ︶ ︵ᠣᠷᠴᠢᠨ ᠲᠣᠭᠤᠷᠢᠨ ᠤ ᠬᠠᠮᠠᠭᠠᠯᠠᠯᠲᠠ ᠶᠢᠨ  ᠶᠠᠮᠤᠨ ᠤ ᠠᠯᠪᠠᠨ ᠲᠢᠩᠬᠢᠮ ᠤᠨ ᠠᠮᠢ ᠠᠬᠤᠶ ᠶᠢᠨ ᠲᠤᠬᠠᠢ ᠪᠢᠴᠢᠭ ﹇2021﹈ 353 ᠳ᠋ᠤᠭᠠᠷ ᠲᠣᠭᠠᠲᠤ︶ ᠢ ᠦᠨᠳᠦᠰᠦᠯᠡᠪᠡᠯ᠂ ᠨᠡᠷᠡᠶᠢᠳᠦᠯ ᠤᠨ ᠠᠯᠪᠠᠨ ᠵᠠᠷ ᠣᠯᠤᠭᠠᠳ ᠪᠦᠬᠦᠯᠢ 3 ᠵᠢᠯ ᠪᠣᠯᠤᠭᠰᠠᠨ ᠭᠠᠵᠠᠷ ᠣᠷᠣᠨ ᠳᠤ ᠪᠥᠲᠥᠭᠡᠨ ᠪᠠᠶᠢᠭᠤᠯᠤᠯᠲᠠ ᠶᠢᠨ  ᠭᠦᠢᠴᠡᠳᠭᠡᠯ ᠲᠤᠭ᠎ᠠ ᠪᠠᠷ ᠯᠠᠪᠯᠠᠯᠲᠠ ᠪᠣᠯᠭᠠᠵᠤ ᠳᠠᠬᠢᠨ ᠬᠢᠨᠠᠨ᠎ᠠ ︵ᠬᠡᠷᠪᠡ ᠪᠥᠲᠥᠭᠡᠨ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠳᠤ ᠲᠣᠬᠢᠷᠠᠭᠤᠯᠤᠯᠲᠠ ᠬᠢᠭᠰᠡᠨ ᠪᠠᠶᠢᠪᠠᠯ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠥᠲᠥᠭᠡᠨ ᠪᠠᠶᠢᠭᠤᠯᠤᠯᠲᠠ ᠶᠢᠨ ᠭᠦᠢᠴᠡᠳᠭᠡᠯ ᠲᠤᠭ᠎ᠠ ᠪᠠᠷ ᠳᠠᠬᠢᠨ ᠬᠢᠨᠠᠨ᠎ᠠ ︶᠂ ᠡᠭᠦᠨ ᠳᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︵ᠪᠤᠶᠤ ᠲᠡᠭᠦᠨ ᠤ ᠪᠠᠶᠢᠩᠭᠤ ᠶᠢᠨ ᠬᠤᠷᠢᠶ᠎ᠠ︶ ᠪᠤᠶᠤ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠶᠠᠷᠢᠯᠴᠠᠭᠰᠠᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠂ ᠲᠡᠷᠡᠴᠢᠯᠡᠨ ᠬᠦᠴᠦᠨ ᠲᠠᠢ ᠬᠤᠭᠤᠴᠠᠭᠠᠨ ᠳᠤ︾ ᠪᠣᠯ ᠳᠠᠬᠢᠨ ᠬᠢᠨᠠᠬᠤ ᠠᠵᠢᠯ ᠤᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ     ᠣᠷᠴᠢᠨ ᠲᠣᠭᠤᠷᠢᠨ ᠤ ᠲᠢᠩᠬᠢᠮ ᠪᠠ ᠠᠮᠢ ᠠᠬᠤᠶ ᠣᠷᠴᠢᠨ ᠲᠣᠭᠤᠷᠢᠨ ᠤ ᠶᠠᠮᠤᠨ ᠤ ᠵᠣᠬᠢᠶᠠᠨ ᠪᠠᠶᠢᠭᠤᠯᠤᠭᠰᠠᠨ ᠳᠠᠬᠢᠨ ᠬᠢᠨᠠᠬᠤ ᠠᠵᠢᠯ ᠢ ᠤᠷᠤᠭᠰᠢᠲᠠᠶ ᠥᠩᠭᠡᠷᠡᠭᠦᠯᠬᠦ ᠶᠢᠨ ᠲᠥᠯᠥᠭᠡ᠂ ᠮᠠᠨ ᠤ ᠲᠣᠪᠴᠢᠶ᠎ᠠ ᠠᠮᠢ ᠠᠬᠤᠶ ᠣᠷᠴᠢᠨ ᠲᠣᠭᠤᠷᠢᠨ ᠤ ᠶᠠᠮᠤᠨ ᠤ 2021 ᠣᠨ ᠳᠤ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ︽ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠦᠭᠯᠡᠭᠦᠷ ︵ᠲᠤᠷᠰᠢᠨ ᠬᠡᠷᠡᠭᠵᠢᠭᠦᠯᠬᠦ︶︾ ︵ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠯᠪᠠᠨ ᠲᠢᠩᠬᠢᠮ ᠤᠨ ᠠᠮᠢ ᠠᠬᠤᠶ ᠶᠢᠨ ᠲᠤᠬᠠᠢ ᠪᠢᠴᠢᠭ︹ 2021 ︺ 146 ᠳ᠋ᠤᠭᠠᠷ ᠲᠣᠭᠠᠲᠤ︶ ᠢ ᠦᠨᠳᠦᠰᠦᠯᠡᠨ ᠰᠢᠨ᠎ᠡ ᠨᠢᠭᠡ ᠡᠭᠡᠯᠵᠢ ᠶᠢᠨ ᠠᠮᠢ ᠠᠬᠤᠶ ᠶᠢᠨ ᠪᠣᠯᠪᠠᠰᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠪᠡ᠃      ᠭᠤᠷᠪᠠ᠂ ᠲᠥᠯᠥᠪᠵᠢᠭᠦᠯᠭᠡ ᠶᠢᠨ ᠬᠠᠷᠠᠯᠲᠠ   ᠠᠮᠢ ᠠᠬᠤᠶ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠠᠮᠢ ᠠᠬᠤᠶ ᠶᠢᠨ ᠳᠦᠷᠢᠮ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠠᠮᠢ ᠠᠬᠤᠶ ᠶᠢᠨ ᠣᠷᠣᠨ ᠵᠠᠶ᠂ ᠠᠮᠢ ᠠᠬᠤᠶ ᠣᠷᠴᠢᠨ ᠲᠣᠭᠤᠷᠢᠨ᠂ ᠠᠮᠢ ᠠᠬᠤᠶ ᠶᠢᠨ ᠠᠵᠤ ᠠᠬᠤᠶ᠂ ᠠᠮᠢ ᠠᠬᠤᠶ ᠶᠢᠨ ᠠᠮᠢᠳᠤᠷᠠᠯ ᠪᠠ ᠠᠮᠢ ᠠᠬᠤᠶ ᠶᠢᠨ ᠰᠣᠶᠣᠯ ᠵᠡᠷᠭᠡ ᠲᠠᠪᠤᠨ ᠶᠡᠭᠡ ᠲᠤᠯᠭᠠᠭᠤᠷᠢᠯᠠᠯ ᠤᠨ ᠰᠢᠰᠲ᠋ᠧᠮ ᠢ ᠪᠠᠶᠢᠭᠤᠯᠵᠤ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠬᠦ ᠪᠠᠷ ᠭᠤᠣᠯ ᠰᠢᠵᠢᠮ ᠪᠣᠯᠭᠠᠵᠤ᠂ ᠤᠯᠠᠭᠠᠨᠬᠤᠲᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠶ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠤᠶᠠᠷ ᠶᠡᠭᠡ ᠬᠠᠯᠬᠠᠪᠴᠢ ᠶᠢᠨ ᠴᠢᠳᠠᠮᠵᠢ ᠶᠢ  ᠳᠣᠪᠤᠶᠢᠯᠭᠠᠨ᠂ ᠣᠲᠣ ᠦᠶ᠎ᠡ ᠶᠢᠨ ᠰᠢᠯᠢᠳᠡᠭ ᠲᠠᠷᠢᠶᠠᠯᠠᠩ ᠮᠠᠯ ᠠᠵᠤ ᠠᠬᠤᠶ᠂ ᠴᠡᠪᠡᠷ ᠡᠨᠧᠷᠭᠢ ᠶᠢᠨ ᠤᠶᠢᠯᠡᠰ᠂ ᠲᠠᠯ᠎ᠠ ᠨᠤᠲᠤᠭ ᠤᠨ ᠰᠣᠶᠣᠯ ᠵᠢᠭᠤᠯᠴᠢᠯᠠᠯ ᠤᠨ ᠤᠶᠢᠯᠡᠰ ᠵᠡᠷᠭᠡ ᠭᠤᠷᠪᠠᠨ ᠶᠡᠭᠡ ᠭᠤᠤᠯᠯᠠᠬᠤ ᠠᠵᠤ ᠤᠶᠢᠯᠡᠰ ᠢ ᠦᠨᠡᠨ ᠬᠦ ᠰᠠᠶᠢᠲᠤᠷ ᠠᠳᠬᠤᠵᠤ᠂ ᠪᠣᠬᠢᠷᠲᠤᠯ ᠥᠬᠡᠶ᠂ ᠡᠷᠬᠢᠯᠳᠡᠳᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠶᠢᠯᠡᠳᠪᠤᠷᠢᠯᠠᠯ ᠤᠨ ᠠᠷᠭ᠎ᠠ ᠮᠠᠶ᠋ᠢᠭ ᠪᠠ ᠪᠣᠯᠪᠠᠰᠤᠨ᠂ ᠡᠷᠡᠭᠦᠯ᠂ ᠪᠠᠶᠠᠨ ᠴᠢᠨᠡᠭᠡᠯᠢᠭ ᠠᠮᠢᠳᠤᠷᠠᠯ ᠤᠨ ᠠᠷᠭ᠎ᠠ ᠮᠠᠶ᠋ᠢᠭ ᠢ ᠯᠠᠪᠳᠠᠭᠤᠨ ᠪᠠᠲᠤᠲᠠᠶ ᠠᠬᠢᠭᠤᠯᠤᠨ᠂ ᠠᠮᠢ ᠠᠬᠤᠶ ᠰᠠᠶᠢᠨ  ᠂ ᠠᠵᠤ ᠠᠬᠤᠶ ᠬᠦᠭᠵᠢᠭᠰᠡᠨ᠂ ᠨᠡᠶᠢᠭᠡᠮ ᠡᠶ᠎ᠡ ᠵᠣᠬᠢᠴᠠᠯ ᠲᠠᠢ᠂ ᠠᠷᠠᠳ ᠲᠦᠮᠡᠨ ᠵᠣᠯ ᠵᠢᠷᠭᠠᠯ ᠲᠠᠢ ᠪᠠᠶᠢᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃    ︵ᠨᠢᠭᠡ︶ ᠣᠶᠢᠷ᠎ᠠ ᠶᠢᠨ ᠬᠤᠭᠤᠴᠠᠭᠠᠨ ᠤ ᠬᠠᠷᠠᠯᠲᠠ ︵2021 — 2025 ᠣᠨ︶ ᠪᠠᠷᠢᠮᠵᠢᠶ᠎ᠠ ᠳᠤ ᠬᠦᠷᠦᠭᠦᠯᠬᠦ ᠶᠢ ᠡᠭᠦᠳᠦᠨ ᠪᠠᠶᠢᠭᠤᠯᠬᠤ ᠱᠠᠲᠤ ᠦᠶ᠎ᠡ᠃ 2025 ᠣᠨ ᠪᠣᠯᠬᠤ ᠳᠤ᠂ ᠠᠮᠢ ᠠᠬᠤᠢ ᠶᠢᠨ ᠪᠣᠯᠪᠠᠰᠤᠨ ᠤ ᠲᠦᠷᠢᠮ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠥᠨᠳᠥᠷ ᠲᠦᠪᠰᠢᠨ ᠢᠶᠠᠷ ᠬᠠᠮᠵᠢᠯᠴᠠᠭᠤᠯᠵᠤ᠂ ᠣᠷᠣᠨ ᠪᠦᠰᠡ ᠴᠢᠨᠠᠭᠰᠢᠯᠠᠪᠠᠯ ᠪᠦᠬᠦ ᠤᠯᠤᠰ ᠲᠤ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠦᠷ᠎ᠡ ᠪᠦᠲᠦᠭᠡᠯ ᠲᠤᠷᠰᠢᠯᠭ᠎ᠠ ᠶᠢ ᠪᠦᠷᠢᠯᠳᠦᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠥᠨᠳᠥᠷ ᠲᠦᠪᠰᠢᠨ ᠢ ᠤᠯᠤᠰ ᠤᠨ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠦᠯᠦᠨ᠎ᠡ᠃     ︵ᠬᠤᠶᠠᠷ︶ ᠠᠯᠤᠰ ᠤᠨ ᠬᠠᠷᠠᠯᠲᠠ ︵2026 — 2030 ᠣᠨ︶  ᠲᠣᠭᠲᠠᠭᠤᠨ ᠢᠶᠠᠷ ᠳᠡᠭᠡᠭᠰᠢᠯᠡᠭᠦᠯᠬᠦ ᠱᠠᠲᠤ ᠦᠶ᠎ᠡ᠃ ᠪᠦᠬᠦ ᠬᠤᠳᠠ ᠶᠢᠨ ᠠᠮᠢ ᠠᠬᠤᠢ ᠶᠢᠨ ᠲᠦᠷᠢᠮ ᠤᠨ ᠰᠢᠰᠲ᠋ᠧᠮ ᠤᠨ ᠭᠤᠣᠯ ᠤᠷᠤᠰᠬᠠᠯ ᠪᠣᠯᠬᠤ ᠶᠢ ᠪᠡᠶᠡᠯᠡᠭᠦᠯᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠬᠦᠯᠤᠨ᠎ᠠ᠃ ᠠᠮᠢ ᠠᠬᠤᠢ ᠶᠢᠨ ᠣᠷᠣᠨ ᠵᠠᠢ ᠶᠢ ᠨᠡᠩ ᠰᠢᠯᠢᠳᠡᠭᠵᠢᠭᠦᠯᠵᠦ᠂ ᠠᠮᠢ ᠠᠬᠤᠢ ᠶᠢᠨ ᠣᠷᠣᠨ ᠵᠠᠢ ᠶᠢ ᠬᠠᠮᠢᠶᠠᠷᠤᠨ ᠡᠵᠡᠮᠳᠡᠬᠦ ᠰᠢᠰᠲ᠋ᠧᠮ ᠢ ᠨᠢᠭᠡᠨᠲᠡ ᠪᠦᠬᠦ ᠲᠠᠯ᠎ᠠ ᠪᠠᠷ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠴᠢᠬᠤᠯᠠ ᠠᠷᠭ᠎ᠠ ᠪᠠᠷᠢᠯ ᠪᠣᠯᠪᠠ  ᠃ ᠡᠨᠧᠷᠭᠢ ᠶᠢᠨ ᠬᠤᠷᠣᠭᠳᠠᠯ ᠢ ᠤᠯᠠᠮ ᠨᠢᠭᠡ ᠠᠯᠬᠤᠮ ᠪᠠᠭᠤᠷᠠᠭᠤᠯᠵᠤ᠂ ᠡᠨᠧᠷᠭᠢ ᠶᠢᠨ ᠬᠤᠷᠣᠭᠳᠠᠯ ᠢᠶᠠᠷ ᠪᠠᠭ᠎ᠠ᠂ ᠭᠠᠳᠠᠭᠰᠢᠯᠠᠭᠤᠯᠤᠯᠲᠠ ᠪᠠᠷ ᠪᠠᠭ᠎ᠠ᠂ ᠦᠷ᠎ᠡ ᠠᠰᠢᠭ ᠢᠶᠠᠷ ᠥᠨᠳᠥᠷ ᠠᠮᠢ ᠠᠬᠤᠶ ᠶᠢᠨ ᠪᠣᠯᠪᠠᠰᠤᠨ ᠤ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠦᠨ᠎ᠡ᠃ ᠲᠩᠷᠢ ᠨᠢ ᠴᠡᠯᠮᠡᠭ᠂ ᠭᠠᠵᠠᠷ ᠨᠢ ᠨᠣᠭᠤᠭᠠᠨ᠂ ᠤᠰᠤ ᠨᠢ ᠲᠤᠩᠭᠠᠯᠠᠭ᠂ ᠬᠥᠮᠦᠨ ᠨᠢ ᠡᠶ᠎ᠡ ᠨᠠᠶᠢᠷᠠᠮᠳᠠᠭᠤ ᠲᠠᠯ᠎ᠠ ᠨᠤᠲᠤᠭ ᠤᠨ ᠳᠦᠷᠰᠦ ᠪᠠᠶᠢᠳᠠᠯ ᠢᠯᠡᠷᠡᠵᠦ᠂ ᠠᠮᠢ ᠠᠬᠤᠢ ᠭᠤᠶᠢᠳᠠ ᠰᠠᠶᠢᠬᠠᠨ᠂ ᠦᠢᠯᠡᠳᠪᠦᠷᠢᠯᠡᠯ ᠬᠥᠭᠵᠢᠭᠰᠡᠨ᠂ ᠰᠣᠶᠣᠯ ᠴᠡᠴᠡᠭᠯᠡᠭᠰᠡᠨ᠂ ᠠᠶᠢᠯ ᠲᠣᠰᠬᠤᠨ ᠴᠡᠪᠡᠷ ᠴᠡᠮᠴᠡᠭᠡᠷ᠂ ᠠᠮᠢᠳᠤᠷᠠᠯ ᠪᠠᠶᠠᠨ ᠴᠢᠨᠡᠭᠡᠯᠢᠭ ᠨᠢ ᠨᠡᠶᠢᠭᠡᠮ ᠤᠨ ᠰᠢᠨ᠎ᠡ ᠬᠡᠪ ᠰᠤᠷᠲᠠᠯ ᠪᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠨᠢ ᠪᠦᠬᠦ ᠲᠠᠯ᠎ᠠ ᠪᠠᠷ ᠤᠯᠤᠰ ᠤᠨ ᠬᠢᠨᠠᠨ ᠰᠢᠯᠭᠠᠬᠤ ᠪᠠᠷᠢᠮᠵᠢᠶ᠎ᠠ ᠠᠴᠠ ᠲᠠᠪᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠨᠢ ᠪᠦᠬᠦ ᠲᠠᠯ᠎ᠠ ᠪᠠᠷ ᠳᠡᠭᠡᠭᠰᠢᠯᠡᠨ᠎ᠡ᠃      ᠭᠤᠷᠪᠠ᠂ ᠲᠥᠯᠥᠪᠵᠢᠭᠦᠯᠭᠡ ᠶᠢᠨ ᠬᠡᠪᠴᠢᠶ᠎ᠡ    ᠲᠣᠰ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠨᠢ ᠤᠯᠠᠭᠠᠨᠬᠤᠲᠠ ᠶᠢᠨ ᠪᠥᠬᠦ ᠬᠢᠯᠢ ᠶᠢ ᠬᠠᠮᠤᠷᠴᠤ᠂ ᠶᠡᠷᠦᠩᠬᠡᠶ ᠲᠠᠯᠠᠪᠠᠶ ᠨᠢ 2365km2 ᠪᠠᠶᠢᠵᠤ᠂ ᠤᠯᠠᠭᠠᠨᠬᠠᠳᠠ᠂ ᠢᠯᠠᠯᠳᠠ᠂ ᠭᠡᠭᠡᠨᠰᠦ᠋ᠮ᠎ᠠ᠂ ᠲᠠᠪᠢᠨ ᠥᠷᠲᠡᠭᠡ᠂ ᠰᠡᠷᠭᠡᠨ ︵ᠣᠲᠣ ᠦᠶ᠎ᠡ ᠶᠢᠨ ᠲᠠᠷᠢᠶᠠᠯᠠᠩ ᠤᠨ ᠲᠣᠭᠤᠷᠢᠭ︶ ᠵᠡᠷᠭᠡ 5 ᠪᠠᠯᠭᠠᠰᠤ᠂ ᠬᠢᠩᠭᠠᠨ᠂ ᠾᠧ ᠫᠢᠩ᠂  ᠱᠧᠩᠯᠢ᠂ ᠲᠡᠬᠦᠯᠢᠨ᠂ ᠠᠶᠢᠬᠦ᠋ᠸᠧ᠂ ᠲᠡᠮᠤᠷ ᠵᠠᠮ ᠤᠨ ᠪᠠᠷᠠᠭᠤᠨᠳᠠᠬᠢ᠂ ᠦ᠋ ᠢ᠂ ᠬᠤᠲᠠ ᠶᠢᠨ ᠲᠡᠭᠦᠷᠭᠡ᠂ ᠰᠢᠨ᠎ᠡ ᠬᠤᠲᠠ᠂ ᠲᠢᠶᠠᠨ ᠵᠢᠶᠤᠤ ᠵᠡᠷᠭᠡ 10 ᠵᠡᠭᠡᠯᠢ ᠶᠢᠨ ᠬᠡᠷᠡᠭ ᠡᠷᠬᠢᠯᠡᠬᠦ ᠭᠠᠵᠠᠷ᠂ ᠠᠵᠤ ᠠᠬᠤᠶ ᠮᠡᠷᠭᠡᠵᠢᠯ ᠤᠨ ᠨᠡᠭᠡᠭᠡᠯᠳᠡ ᠶᠢᠨ ᠲᠤᠭᠤᠷᠢᠭ᠂ ᠪᠠᠷᠠᠭ᠎ᠠ ᠶᠢᠨ ᠭᠦᠢᠯᠭᠡᠭᠡᠨ ᠤ ᠲᠤᠭᠤᠷᠢᠭ᠂   ᠭᠡᠭᠡᠨᠰᠦ᠋ᠮ᠎ᠠ ᠨᠡᠭᠡᠭᠡᠨ ᠬᠦᠭᠵᠢᠬᠦᠯᠬᠦ ᠲᠤᠭᠤᠷᠢᠭ ᠵᠡᠷᠭᠡ 3 ᠲᠤᠭᠤᠷᠢᠭ ᠪᠠᠭᠳᠠᠨ᠎ᠠ᠃      ᠲᠦᠷᠪᠡ᠂ ᠲᠥᠯᠥᠪᠵᠢᠭᠦᠯᠭᠡ ᠶᠢᠨ ᠬᠤᠭᠤᠴᠠᠭ᠎ᠠ    ᠲᠥᠯᠥᠪᠵᠢᠭᠦᠯᠭᠡ ᠶᠢᠨ ᠰᠠᠭᠤᠷᠢ ᠪᠠᠷᠢᠮᠵᠢᠶ᠎ᠠ ᠶᠢᠨ ᠣᠨ ᠨᠢ 2021ᠣᠨ᠂ ᠲᠥᠯᠥᠪᠵᠢᠭᠦᠯᠭᠡ ᠶᠢᠨ ᠬᠤᠭᠤᠴᠠᠭ᠎ᠠ ᠨᠢ 2022 — 2030 ᠣᠨ ᠪᠣᠯᠤᠨ᠎ᠠ᠃ ᠣᠶᠢᠷ᠎ᠠ ᠶᠢᠨ ᠬᠤᠭᠤᠴᠠᠭ᠎ᠠ᠄ 2022 — 2025 ᠣᠨ︔ ᠠᠯᠤᠰ ᠤᠨ  ᠬᠤᠭᠤᠴᠠᠭ᠎ᠠ᠄ 2026 — 2030 ᠣᠨ ᠪᠤᠯᠤᠨ᠎ᠠ᠃
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号