ᠮᠠᠨ ᠤ ᠤᠷᠤᠨ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/6/26
     ᠵᠢᠩᠬᠢᠨᠢ ᠠᠩᠭᠢ ᠲᠤᠰᠬᠠᠶ ᠮᠡᠷᠭᠡᠵᠢᠯ ᠤᠨ ᠠᠩᠭᠢ ᠶᠢᠨ ᠰᠤᠷᠭᠠᠨ ᠬᠥᠮᠦᠵᠢᠯ ᠤᠨ ᠲᠤᠰᠠᠯᠠᠮᠵᠢ      ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ      ᠳᠤᠰᠠᠯᠠᠬᠤ ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠣᠨᠴᠠ ᠰᠢᠯᠢᠳᠡᠭ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠡᠬᠢ ᠣᠶᠤᠲᠠᠨ ᠴᠣᠯᠠ ᠪᠠᠭᠲᠠᠨ᠎ᠠ︶ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠃      ᠪᠠᠷᠢᠮᠵᠢᠶ᠎ᠠ᠄ ᠰᠤᠷᠤᠭᠴᠢ ᠨᠢᠭᠡᠪᠦᠷᠢ ᠵᠢᠯ ᠳᠤ 8000 ᠲᠥᠭᠦᠷᠢᠭ᠃      ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠠᠴᠠ ᠵᠣᠷᠢᠭᠵᠢᠭᠤᠯᠬᠤ ᠱᠠᠩᠨᠠᠯ ᠤᠨ ᠮᠥᠩᠭᠦ      ᠳᠤᠰᠠᠯᠠᠬᠤ ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠮᠣᠷᠠᠯ ᠰᠤᠷᠤᠯᠭ᠎ᠠ ᠬᠤᠤᠰᠯᠠᠭᠰᠠᠨ ᠬᠡᠷ ᠪᠦᠯᠢ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ︵ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠡᠬᠢ ᠣᠶᠤᠲᠠᠨ ᠴᠣᠯᠠ ᠪᠠᠭᠲᠠᠨ᠎ᠠ︶ ᠤᠨ ᠰᠤᠷᠭᠠᠭᠤᠯᠢ ᠳᠤ ᠪᠠᠶᠢᠭ᠎ᠠ ᠰᠣᠷᠣᠭᠴᠢ᠃      ᠪᠠᠷᠢᠮᠵᠢᠶ᠎ᠠ᠄ ᠰᠤᠷᠤᠭᠴᠢ ᠨᠢᠭᠡᠪᠦᠷᠢ ᠪᠦᠷᠢ ᠵᠢᠯ ᠳᠤ 5000 ᠲᠥᠭᠦᠷᠢᠭ᠃      ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ      ᠳᠤᠰᠠᠯᠠᠬᠤ ᠡᠲᠡᠭᠡᠳ᠄ ᠪᠥᠬᠦ ᠤᠯᠤᠰ ᠤᠨ ᠰᠣᠷᠣᠭᠴᠢ ᠡᠯᠰᠡᠬᠦ ᠲᠥᠯᠥᠪᠯᠡᠭᠡ ᠳᠤ ᠣᠷᠣᠭᠤᠯᠤᠭᠰᠠᠨ ᠬᠡᠷ ᠪᠦᠯᠢ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ︵ᠪᠡᠯᠡᠳᠭᠡᠯ ᠠᠩᠭᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠤᠶᠠᠳᠡᠬᠢ ᠣᠶᠤᠲᠠᠨ ᠴᠣᠯᠠ ᠶᠢᠨ ᠰᠣᠷᠣᠭᠴᠢ ᠪᠠᠭᠲᠠᠨ᠎ᠠ᠂ ᠴᠡᠷᠢᠭ ᠤᠨ ᠠᠯᠪᠠ ᠠᠴᠠ ᠪᠠᠭᠤᠭᠰᠠᠨ ᠪᠠᠶᠢᠯᠳᠤᠭᠴᠢ ᠰᠣᠷᠣᠭᠴᠢ ᠶᠢ ᠪᠠᠭᠲᠠᠭᠠᠬᠤ ᠥᠬᠡᠶ︶ ᠰᠤᠷᠭᠠᠭᠤᠯᠢ ᠳᠤ ᠪᠠᠶᠢᠭ᠎ᠠ ᠰᠣᠷᠣᠭᠴᠢ᠃      ᠪᠠᠷᠢᠮᠵᠢᠶ᠎ᠠ᠄ ᠰᠤᠷᠤᠭᠴᠢ ᠨᠢᠭᠡᠪᠦᠷᠢ ᠳᠤ ᠵᠢᠯ ᠪᠦᠷᠢ 3300 ᠲᠥᠭᠦᠷᠢᠭ᠃      ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ      ᠳᠤᠰᠠᠯᠠᠬᠤ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠣᠨᠴᠠ ᠰᠢᠯᠢᠳᠡᠭ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠃ ᠪᠠᠷᠢᠮᠵᠢᠶ᠎ᠠ᠄ ᠰᠤᠷᠤᠭᠴᠢ ᠨᠢᠭᠡᠪᠦᠷᠢ ᠪᠦᠷᠢ ᠵᠢᠯ ᠳᠤ 6000 ᠲᠥᠭᠦᠷᠢᠭ᠃ ᠵᠢᠩᠬᠢᠨᠢ ᠪᠠ ᠲᠤᠰᠬᠠᠶ ᠮᠡᠷᠭᠡᠵᠢᠯ ᠤᠨ ᠠᠩᠭᠢ ᠶᠢᠨ ᠥᠪᠡᠷᠲᠡᠭᠡᠨ ᠵᠠᠰᠠᠬᠤ ᠣᠷᠣᠨ ᠤ ᠵᠣᠷᠢᠭᠵᠢᠭᠤᠯᠬᠤ ᠱᠠᠩᠨᠠᠯ ᠤᠨ ᠮᠥᠩᠭᠦ ᠳᠤᠰᠠᠯᠠᠬᠤ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠮᠣᠷᠠᠯ ᠰᠤᠷᠤᠯᠭ᠎ᠠ ᠬᠤᠤᠰᠯᠠᠭᠰᠠᠨ ᠬᠡᠷ ᠪᠦᠯᠢ ᠨᠢ ᠬᠦᠴᠢᠷᠳᠡᠯᠲᠡᠶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠃      ᠪᠠᠷᠢᠮᠵᠢᠶ᠎ᠠ᠄ ᠰᠤᠷᠤᠭᠴᠢ ᠨᠢᠭᠡᠪᠦᠷᠢ ᠪᠦᠷᠢ ᠵᠢᠯ ᠳᠤ 4000 ᠲᠥᠭᠦᠷᠢᠭ᠃      ᠰᠤᠷᠤᠭᠴᠢ ᠶᠢᠨ ᠢᠷᠡᠯᠲᠡ ᠶᠢᠨ ᠭᠠᠵᠠᠷ ᠤᠨ ᠢᠲᠡᠭᠡᠮᠵᠢᠲᠦ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ      ᠳᠤᠰᠠᠯᠠᠬᠤ ᠡᠲᠡᠭᠡᠳ᠄ ᠪᠦᠬᠦᠯᠢ ᠡᠳᠦᠷ ᠤᠨ ᠳᠦᠷᠢᠮᠲᠦ ᠡᠩ ᠤᠨ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠵᠦ᠂ ᠦᠨᠡᠨ ᠪᠣᠳᠠᠲᠠᠶ᠂ ᠬᠠᠤᠯᠢ ᠶᠣᠰᠣᠨ ᠤ᠂ ᠬᠦᠴᠦᠨ ᠪᠥᠬᠦᠶ ᠡᠯᠰᠡᠬᠦ ᠮᠡᠳᠡᠭᠳᠡᠯ ᠤᠨ ᠪᠢᠴᠢᠭ ᠣᠯᠤᠭᠰᠠᠨ ᠰᠢᠨ᠎ᠡ ᠰᠣᠷᠣᠭᠴᠢ ᠪᠤᠶᠤ ᠶᠡᠭᠡ ᠳᠡᠭᠡᠳᠦ ᠰᠤᠷᠭᠠᠭᠤᠯᠢ ᠶᠢᠨ ᠰᠤᠷᠤᠯᠴᠠᠵᠤ ᠪᠠᠶᠢᠭ᠎ᠠ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ᠂ ᠠᠰᠫᠢᠷᠠᠨᠲ ᠪᠠ ᠬᠤᠶᠠᠳᠤᠭᠠᠷ ᠵᠢᠩᠭᠢᠨᠢ ᠠᠩᠭᠢ ᠶᠢᠨ ᠣᠶᠤᠲᠠᠨ᠃      ᠪᠠᠷᠢᠮᠵᠢᠶ᠎ᠠ᠄ ᠵᠢᠩᠬᠢᠨᠢ ᠠᠩᠭᠢ ᠪᠠ ᠲᠤᠰᠬᠠᠶ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠵᠢᠯ ᠳᠤ ᠬᠠᠮᠤᠭ ᠤᠨ ᠥᠨᠳᠥᠷ ᠲᠡᠭᠡᠨ 16000 ᠲᠥᠭᠦᠷᠢᠭ ᠠᠴᠠ ᠬᠡᠲᠦᠷᠡᠵᠦ ᠪᠣᠯᠬᠤ ᠥᠬᠡᠶ᠂ ᠠᠰᠫᠢᠷᠠᠨᠲ ᠨᠢᠭᠡᠪᠦᠷᠢ ᠵᠢᠯ ᠳᠤ ᠬᠠᠮᠤᠭ ᠤᠨ ᠥᠨᠳᠥᠷ ᠲᠡᠭᠡᠨ 20000 ᠲᠥᠭᠦᠷᠢᠭ ᠠᠴᠠ ᠬᠡᠲᠦᠷᠡᠵᠦ ᠪᠣᠯᠬᠤ ᠥᠬᠡᠶ᠃      ᠴᠡᠷᠢᠭ ᠤᠨ ᠠᠯᠪᠠ ᠬᠠᠭᠠᠬᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠰᠤᠷᠭᠠᠨ ᠬᠥᠮᠦᠵᠢᠯ ᠤᠨ ᠲᠤᠰᠠᠯᠠᠮᠵᠢ      ᠳᠤᠰᠠᠯᠠᠬᠤ ᠡᠲᠡᠭᠡᠳ᠄ ᠴᠡᠷᠢᠭ ᠲᠤ ᠡᠯᠰᠡᠭᠳᠡᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠵᠤ᠂ ᠪᠠᠭ᠎ᠠ ᠣᠹᠢᠼᠧᠷ ᠢᠶᠠᠷ ᠡᠯᠰᠡᠭᠰᠡᠨ᠂ ᠴᠡᠷᠢᠭ ᠤᠨ ᠠᠯᠪᠠᠨ ᠠᠴᠠ ᠪᠠᠭᠤᠭᠰᠠᠨ ᠤ ᠳᠠᠷᠠᠭ᠎ᠠ ᠰᠤᠷᠤᠯᠭ᠎ᠠ ᠪᠠᠨ ᠰᠡᠷᠭᠦᠭᠡᠭᠰᠡᠨ ᠪᠤᠶᠤ ᠰᠤᠷᠭᠠᠭᠤᠯᠢ ᠳᠤ ᠣᠷᠣᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠲᠤ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠥᠭᠬᠦ ᠶᠢ ᠬᠡᠷᠡᠭᠵᠢᠭᠦᠯᠵᠦ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠣᠷᠣᠯᠠᠨ ᠲᠥᠯᠥᠬᠦ᠂ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠦᠨ᠎ᠡ᠃      ᠪᠠᠷᠢᠮᠵᠢᠶ᠎ᠠ᠄ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠪᠤᠶᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠣᠷᠣᠯᠠᠨ ᠲᠥᠯᠥᠬᠦ ᠵᠣᠭᠤᠰ ᠤᠨ ᠲᠤᠭ᠎ᠠ ᠶᠢ ᠰᠤᠷᠤᠭᠴᠢ ᠶᠢᠨ ᠪᠣᠳᠠᠲᠠᠢ ᠲᠤᠰᠢᠶᠠᠭᠰᠠᠨ ᠰᠤᠷᠤᠯᠭ᠎ᠠ ᠶᠢᠨ ᠰᠦᠢᠳᠬᠡᠯ ᠪᠤᠶᠤ ᠰᠤᠷᠤᠯᠭ᠎ᠠ ᠶᠢᠨ ᠰᠦᠢᠳᠬᠡᠯ ᠳᠤ ᠬᠡᠷᠡᠭᠯᠡᠬᠦ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ︵ᠡᠬᠡ ᠮᠥᠩᠭᠦ ᠵᠢᠴᠢ ᠪᠦᠬᠦᠨ ᠢ ᠲᠥᠯᠥᠬᠦ ᠠᠴᠠ ᠡᠮᠦᠨ᠎ᠡ ᠪᠤᠶ ᠪᠣᠯᠤᠭᠰᠠᠨ ᠬᠦᠦ ᠮᠥᠩᠭᠦ ᠪᠠᠭᠲᠠᠨ᠎ᠠ︶ ᠬᠤᠶᠠᠷ ᠤᠨ ᠵᠣᠭᠤᠰ ᠤᠨ ᠲᠤᠭ᠎ᠠ ᠨᠢ ᠨᠡᠯᠢᠶᠡᠳ ᠥᠨᠳᠥᠷ ᠲᠤᠭ᠎ᠠ ᠶᠢ ᠦᠨᠳᠦᠰᠦᠯᠡᠨ ᠬᠡᠷᠡᠭᠵᠢᠭᠦᠯᠦᠨ᠎ᠡ︔      ᠰᠤᠷᠤᠯᠭ᠎ᠠ ᠪᠠᠨ ᠰᠡᠷᠭᠦᠭᠡᠬᠦ ᠪᠤᠶᠤ ᠰᠢᠨ᠎ᠡ ᠰᠤᠷᠤᠭᠴᠢ ᠰᠤᠷᠭᠠᠭᠤᠯᠢ ᠳᠤ ᠣᠷᠣᠭᠰᠠᠨ ᠤ ᠳᠠᠷᠠᠭ᠎ᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠵᠣᠭᠤᠰ ᠤᠨ ᠲᠤᠭ᠎ᠠ ᠶᠢ ᠶᠡᠭᠡ ᠳᠡᠭᠡᠳᠦ ᠰᠤᠷᠭᠠᠭᠤᠯᠢ ᠶᠢᠨ ᠪᠣᠳᠠᠲᠠᠢ ᠬᠤᠷᠢᠶᠠᠭᠰᠠᠨ ᠰᠤᠷᠤᠯᠭ᠎ᠠ ᠶᠢᠨ ᠰᠦᠢᠳᠬᠡᠯ ᠤᠨ ᠵᠣᠭᠤᠰ ᠤᠨ ᠲᠤᠭ᠎ᠠ ᠪᠠᠷ ᠬᠡᠷᠡᠭᠵᠢᠭᠦᠯᠦᠨ᠎ᠡ᠃ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠣᠷᠣᠯᠠᠨ ᠲᠥᠯᠥᠬᠦ ᠵᠢᠴᠢ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠪᠠᠷᠢᠮᠵᠢᠶ᠎ᠠ ᠶᠢᠨ ᠵᠢᠩᠬᠢᠨᠢ ᠠᠩᠭᠢ ᠲᠤᠰᠬᠠᠢ ᠮᠡᠷᠭᠡᠵᠢᠯ ᠤᠨ ᠠᠩᠭᠢ ᠶᠢᠨ ᠰᠤᠷᠤᠭᠴᠢ ᠨᠢᠭᠡᠪᠦᠷᠢ ᠶᠢᠨ ᠬᠢ ᠶᠢ ᠵᠢᠯ ᠪᠦᠷᠢ ᠬᠠᠮᠤᠭ ᠤᠨ ᠥᠨᠳᠥᠷ ᠲᠡᠭᠡᠨ 16000 ᠲᠥᠭᠦᠷᠢᠭ ᠠᠴᠠ ᠳᠠᠪᠠᠭᠤᠯᠬᠤ ᠦᠭᠡᠢ᠂ ᠠᠰᠫᠢᠷᠠᠨᠲ ᠨᠢᠭᠡᠪᠦᠷᠢ ᠶᠢᠨ ᠬᠢ ᠶᠢ ᠵᠢᠯ ᠪᠦᠷᠢ ᠬᠠᠮᠤᠭ ᠤᠨ ᠥᠨᠳᠥᠷ ᠲᠡᠭᠡᠨ 20000 ᠲᠥᠭᠦᠷᠢᠭ ᠠᠴᠠ ᠳᠠᠪᠠᠭᠤᠯᠬᠤ ᠦᠭᠡᠢ᠃ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠲᠤ ᠨᠥᠬᠦᠪᠦᠷᠢ ᠥᠭᠬᠦ᠂ ᠣᠷᠣᠯᠠᠨ ᠲᠥᠯᠥᠬᠦ ᠪᠤᠶᠤ ᠬᠠᠰᠤᠵᠤ ᠬᠡᠯᠲᠦᠷᠢᠭᠦᠯᠬᠦ ᠦᠭᠡᠢ᠃      ᠦᠨᠳᠦᠰᠦᠨ ᠱᠠᠲᠤᠨ ᠤ ᠠᠵᠢᠯ ᠣᠯᠭᠤᠯᠲᠠ ᠶᠢᠨ ᠰᠤᠷᠤᠯᠭ᠎ᠠ ᠶᠢᠨ ᠰᠦᠢᠳᠬᠡᠯ ᠤᠨ ᠨᠥᠬᠦᠪᠦᠷᠢ ᠵᠢᠭᠡᠯᠡᠯᠭᠡ ᠶᠢ ᠣᠷᠣᠯᠠᠨ ᠲᠥᠯᠥᠬᠦ      ᠳᠤᠰᠠᠯᠠᠬᠤ ᠡᠲᠡᠭᠡᠳ᠄ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠲᠤᠰ ᠬᠤᠭᠤᠴᠠᠭᠠᠨ ᠤ ᠲᠡᠭᠦᠰᠦᠭᠰᠡᠳ ᠰᠠᠶᠢᠨ ᠳᠤᠷ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠬᠠᠲᠠᠭᠤ ᠪᠡᠷᠬᠡᠰᠢᠶᠡᠯᠲᠡᠢ ᠪᠤᠶᠢᠳᠠ ᠪᠥᠭᠯᠡᠭᠦᠦ ᠭᠠᠵᠠᠷ ᠣᠷᠣᠨ ᠤ ᠦᠨᠳᠦᠰᠦᠨ ᠱᠠᠲᠤᠨ ᠤ ᠨᠢᠭᠡᠴᠢ ᠳᠤ ᠬᠦᠷᠴᠦ ᠠᠵᠢᠯ ᠣᠯᠵᠤ ᠂ ᠦᠢᠯᠡᠴᠢᠯᠡᠬᠦ ᠬᠤᠭᠤᠴᠠᠭ᠎ᠠ ᠨᠢ 3 ᠵᠢᠯ ᠠᠴᠠ ᠳᠡᠭᠡᠭᠰᠢ ︵3 ᠵᠢᠯ ᠪᠠᠭᠲᠠᠨ᠎ᠠ︶ ᠪᠠᠶᠢᠵᠤ᠂ ᠦᠢᠯᠡᠴᠢᠯᠡᠬᠦ ᠬᠤᠭᠤᠴᠠᠭ᠎ᠠ ᠨᠢ ᠳᠦᠭᠦᠷᠬᠦ ᠶᠢᠨ ᠬᠠᠮᠲᠤ ᠰᠢᠯᠭᠠᠨ ᠬᠢᠨᠠᠯᠲᠠ ᠳᠤ ᠬᠢᠷᠢ ᠲᠡᠩᠴᠡᠭᠰᠡᠨ ᠪᠠᠶᠢᠬᠤ ᠬᠡᠷᠡᠭᠲᠡᠢ᠃      ᠪᠠᠷᠢᠮᠵᠢᠶ᠎ᠠ᠄ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ᠨᠢᠭᠡᠪᠦᠷᠢ ᠵᠢᠯ ᠳᠤ ᠬᠠᠮᠤᠭ ᠤᠨ ᠥᠨᠳᠥᠷ ᠲᠡᠭᠡᠨ 16000 ᠲᠥᠭᠦᠷᠢᠭ ᠠᠴᠠ ᠬᠡᠲᠦᠷᠡᠵᠦ ᠪᠣᠯᠬᠤ ᠦᠭᠡᠢ᠂ ᠠᠰᠫᠢᠷᠠᠨᠲ ᠨᠢᠭᠡᠪᠦᠷᠢ ᠵᠢᠯ ᠳᠤ ᠬᠠᠮᠤᠭ ᠤᠨ ᠥᠨᠳᠥᠷ ᠲᠡᠭᠡᠨ 20000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃      ᠡᠩ ᠤᠨ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠨᠢ ᠬᠦᠴᠢᠷᠳᠡᠯᠲᠡᠢ ᠰᠤᠷᠤᠭᠴᠢᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ      ᠳᠤᠰᠠᠯᠠᠬᠤ ᠡᠲᠡᠭᠡᠳ᠄ ᠶᠡᠭᠡ ᠰᠤᠷᠭᠠᠭᠤᠯᠢ ᠶᠢᠨ ᠰᠢᠨ᠎ᠡ ᠰᠣᠷᠣᠭᠴᠢ᠄ 2021 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠰᠠᠯᠠᠭ᠎ᠠ ᠮᠥᠴᠢᠷ ᠢᠶᠠᠷ ᠳᠡᠮᠵᠢᠨ ᠡᠩ ᠤᠨ ᠶᠡᠭᠡ ᠳᠡᠭᠡᠳᠦ ᠰᠤᠷᠭᠠᠭᠤᠯᠢ ᠳᠤ ᠵᠢᠩᠬᠢᠨᠢ ᠪᠠᠷ ᠡᠯᠰᠡᠭᠳᠡᠭᠰᠡᠨ ᠰᠢᠨ᠎ᠡ ᠰᠣᠷᠣᠭᠴᠢ ᠪᠥᠭᠡᠳ ᠡᠯᠰᠡᠭᠳᠡᠭᠰᠡᠨ ᠲᠤᠬᠠᠢ ᠶᠢᠨ ᠵᠢᠯ ᠤᠨ 9 ᠰᠠᠷ᠎ᠠ ᠶᠢᠨ 1 ᠤ ᠡᠳᠦᠷ ᠲᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ᠃      ᠰᠤᠷᠭᠠᠭᠤᠯᠢ ᠳᠤ ᠪᠠᠶᠢᠭ᠎ᠠ ᠰᠣᠷᠣᠭᠴᠢ᠄ 2021 ᠣᠨ ᠠᠴᠠ ᠬᠤᠶᠢᠰᠢ ᠰᠤᠷᠭᠠᠭᠤᠯᠢ ᠳᠤ ᠪᠠᠶᠢᠬᠤ ᠬᠤᠭᠤᠴᠠᠭᠠᠨ ᠤ 9 ᠰᠠᠷ᠎ᠠ ᠶᠢᠨ 1 ᠤ ᠡᠳᠦᠷ ᠲᠤ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠦᠷ᠎ᠡ ᠬᠡᠦᠬᠡᠳ ᠪᠠ ᠥᠨᠥᠴᠢᠨ ᠬᠡᠦᠬᠡᠳ ᠮᠦᠨ ᠪᠤᠯᠬᠤ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠪᠠ ᠲᠤᠰᠬᠠᠢ ᠮᠡᠷᠭᠡᠵᠢᠯ ᠤᠨ ᠠᠩᠭᠢ ᠶᠢᠨ ᠰᠣᠷᠣᠭᠴᠢ ︵2021 ᠣᠨ ᠠᠴᠠ ᠡᠮᠦᠨ᠎ᠡ ᠰᠤᠷᠭᠠᠭᠤᠯᠢ ᠳᠤ ᠣᠷᠣᠭᠰᠠᠨ ᠰᠤᠷᠤᠯᠴᠠᠵᠤ ᠪᠠᠶᠢᠭ᠎ᠠ ᠰᠣᠷᠣᠭᠴᠢ ᠪᠠᠭᠲᠠᠬᠤ ᠦᠭᠡᠢ︶ ᠪᠣᠯᠣᠨ᠎ᠠ᠃ ᠡᠭᠦᠨ ᠤ ᠬᠠᠮᠲᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠥᠨᠥᠴᠢᠨ ᠬᠡᠦᠬᠡᠳ ᠵᠡᠷᠭᠡ ᠨᠥᠬᠦᠴᠡᠯ ᠢ ᠪᠦᠷᠢᠯᠳᠦᠭᠦᠯᠦᠭᠰᠡᠨ ᠰᠤᠷᠤᠭᠴᠢᠳ ᠲᠤ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠳᠠᠪᠬᠤᠷ ᠬᠦᠷᠲᠡᠭᠡᠬᠦ ᠦᠭᠡᠢ᠃      ᠪᠠᠷᠢᠮᠵᠢᠶ᠎ᠠ᠄ ᠰᠤᠷᠤᠭᠴᠢ ᠨᠢᠭᠡᠪᠦᠷᠢ ᠳᠤ ᠵᠢᠯ ᠪᠦᠷᠢ 6000 ᠲᠥᠭᠦᠷᠢᠭ ᠲᠤᠰᠠᠯᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号