ᠰᠢ ᠶᠢᠨ ᠫᠢᠩ 2024 ᠣᠨ ᠤ ︽ᠭᠦ᠋ ᠯᠢᠩ ᠤᠨ ᠬᠤᠪᠢ ᠪᠠᠷᠢᠯᠳᠤᠯᠭ᠎ᠠ︾ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2024/6/26
    ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ 6 ᠰᠠᠷ᠎ᠠ ᠶᠢᠨ 24 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ︽ᠭᠦ᠋ ᠯᠢᠩ ᠤᠨ ᠬᠤᠪᠢ ᠪᠠᠷᠢᠯᠳᠤᠯᠭ᠎ᠠ︾ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠳᠤ ᠪᠠᠶᠠᠷ ᠤᠨ ᠵᠠᠬᠢᠳᠠᠯ ᠢᠯᠡᠭᠡᠪᠡ᠃      ᠰᠢ ᠶᠢᠨ ᠫᠢᠩ᠂ ᠵᠠᠭᠤᠨ ᠵᠢᠯ ᠢ ᠲᠤᠭᠤᠯᠤᠬᠰᠠᠨ ᠭᠦ᠋ ᠯᠢᠩ ᠤᠨ ᠬᠤᠪᠢ ᠪᠠᠷᠢᠯᠳᠤᠯᠭ᠎ᠠ ᠪᠣᠯ ᠳᠤᠮᠳᠠᠳᠤ ᠠᠮᠧᠷᠢᠺᠠ ᠶᠢᠨ ᠠᠷᠠᠳ ᠲᠦᠮᠡᠨ ᠤ ᠨᠥᠭᠦᠷᠰᠡᠭ ᠶᠠᠪᠤᠯᠴᠠᠭᠠᠨ ᠤ ᠳᠠᠭᠤᠷᠢᠰᠬᠠᠯ ᠪᠣᠯᠣᠨ᠎ᠠ᠂ ᠳᠤᠮᠳᠠᠳᠤ ᠠᠮᠧᠷᠢᠺᠠ ᠶᠢᠨ ᠡᠯ᠎ᠡ ᠡᠲᠡᠭᠡᠳ ᠤᠨ ᠵᠠᠯᠠᠭᠤᠴᠤᠳ ᠤᠨ ᠹᠦᠵᠧᠦ ᠳᠤ ᠴᠤᠭᠯᠠᠷᠠᠵᠤ᠂ ᠭᠦ᠋ ᠯᠢᠩ ᠤᠨ ᠦᠯᠢᠭᠡᠷ ᠢ ᠲᠠᠭᠢᠨ ᠡᠷᠭᠢᠴᠡᠭᠦᠯᠵᠦ᠂ ᠭᠦ᠋ ᠯᠢᠩ ᠤᠨ ᠬᠤᠪᠢ ᠪᠠᠷᠢᠯᠳᠤᠯᠭ᠎ᠠ ᠶᠢ ᠤᠯᠠᠮᠵᠢᠯᠠᠵᠤ᠂ ᠳᠤᠮᠳᠠᠳᠤ ᠠᠮᠧᠷᠢᠺᠠ ᠬᠤᠶᠠᠷ ᠤᠯᠤᠰ ᠤᠨ ᠠᠷᠠᠳ ᠲᠦᠮᠡᠨ ᠤ ᠬᠤᠭᠤᠷᠣᠨᠳᠣᠭᠢ ᠰᠣᠯᠢᠯᠴᠠᠭ᠎ᠠ ᠪᠠ ᠣᠶᠢᠯᠠᠭᠠᠯᠴᠠᠭ᠎ᠠ ᠶᠢ ᠨᠡᠮᠡᠭᠳᠡᠭᠦᠯᠦᠭᠰᠡᠨ ᠳᠤ ᠮᠠᠰᠢ ᠪᠠᠶᠠᠷᠯᠠᠵᠤ ᠪᠠᠶᠢᠨ᠎ᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠵᠠᠯᠠᠭᠤᠴᠤᠳ ᠬᠠᠮᠤᠭ ᠠᠴᠠ ᠴᠤᠭ ᠵᠢᠪᠬᠤᠭ᠎ᠠ ᠲᠠᠢ᠂ ᠬᠠᠮᠤᠭ ᠠᠴᠠ ᠬᠦᠰᠡᠯ ᠵᠡᠭᠦᠳᠦ ᠲᠠᠢ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠢᠷᠡᠭᠡᠳᠦᠢ ᠵᠠᠯᠠᠭᠤᠴᠤᠳ ᠲᠤ ᠪᠠᠶᠢᠨ᠎ᠠ᠃ ᠲᠠ ᠨᠠᠷ ᠭᠦᠨᠵᠡᠭᠡᠢ ᠶᠠᠷᠢᠯᠴᠠᠨ ᠰᠣᠯᠢᠯᠴᠠᠵᠤ᠂ ᠨᠥᠬᠦᠷᠯᠡᠯ ᠢᠶᠠᠨ ᠵᠤᠵᠠᠭᠠᠳᠬᠠᠵᠤ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠶᠠᠪᠤᠯᠴᠠᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠳᠤᠮᠳᠠᠳᠤ ᠠᠮᠧᠷᠢᠺᠠ ᠶᠢᠨ ᠨᠥᠬᠦᠷᠯᠡᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠵᠦ᠂ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ ᠬᠠᠮᠲᠤ ᠪᠠᠷ ᠡᠩᠬᠡ ᠲᠠᠶᠢᠪᠤᠩ ᠢ ᠴᠣᠭᠴᠠᠯᠠᠵᠤ᠂ ᠬᠠᠮᠲᠤ ᠪᠠᠷ ᠤᠷᠤᠭᠰᠢᠯᠠᠬᠤ ᠶᠢ ᠠᠬᠢᠭᠤᠯᠵᠤ᠂ ᠬᠠᠮᠲᠤ ᠪᠠᠷ ᠬᠥᠭᠵᠢᠯ ᠴᠡᠴᠡᠭᠯᠡᠯ ᠢ ᠡᠭᠦᠳᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      2024 ᠣᠨ ᠤ ︽ᠭᠦ᠋ ᠯᠢᠩ ᠤᠨ ᠬᠤᠪᠢ ᠪᠠᠷᠢᠯᠳᠤᠯᠭ᠎ᠠ︾ ᠳᠤᠮᠳᠠᠳᠤ ᠠᠮᠧᠷᠢᠺᠠ ᠶᠢᠨ ᠵᠠᠯᠠᠭᠤᠴᠤᠳ ᠤᠨ ᠰᠣᠯᠢᠯᠴᠠᠭᠠᠨ ᠤ ᠭᠠᠷᠠᠭ ᠤᠨ ᠠᠵᠢᠯᠯᠠᠭ᠎ᠠ ᠲᠤᠰ ᠡᠳᠦᠷ ᠹᠦᠵᠢᠶᠠᠨ ᠮᠤᠵᠢ ᠶᠢᠨ ᠹᠦᠵᠧᠦ ᠬᠤᠲᠠ ᠳᠤ ᠡᠬᠢᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠯᠤᠭ᠎ᠠ ᠶᠢᠨ ᠨᠥᠬᠦᠷᠯᠡᠯ ᠤᠨ ᠨᠡᠶᠢᠭᠡᠮᠯᠢᠭ᠂ ᠹᠦᠵᠢᠶᠠᠨ ᠮᠤᠵᠢ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠶᠢᠨ ᠪᠦᠭᠦ ᠤᠯᠤᠰ ᠤᠨ ᠵᠠᠯᠠᠭᠤᠴᠤᠳ ᠤᠨ ᠬᠤᠯᠪᠤᠭ᠎ᠠ ᠠᠴᠠ ᠡᠷᠭᠢᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号