ᠰᠦᠬᠡ ᠢᠦᠢ ᠵᠢᠢ ᠱᠦᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2024/6/27
    6 ᠰᠠᠷ᠎ᠠ ᠶᠢᠨ 24 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠪᠦᠯᠬᠦᠮ ᠳᠠᠭᠠᠭᠤᠯᠤᠨ ᠤᠯᠠᠭᠠᠨᠬᠤᠲᠠ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠤᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠢᠦᠶ ᠵᠢᠶ ᠱᠦᠨ᠂ ᠰᠢᠤᠢ ᠵᠦᠸᠧ᠂ ᠯᠢᠦ ᠱᠤ᠋ ᠴᠧᠩ ᠵᠡᠷᠭᠡ ᠠᠶᠢᠮᠠᠭ ᠤᠨ ᠤᠳᠤᠷᠢᠳᠤᠯᠭ᠎ᠠ ᠪᠠ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃ ᠰᠢᠨᠵᠢᠯᠡᠨ ᠪᠠᠶᠢᠴᠠᠭᠠᠯᠳᠠ ᠶᠢᠨ ᠳᠠᠷᠠᠭ᠎ᠠ᠂ ᠰᠦᠬᠡ ᠳ᠋ᠦᠩᠨᠡᠯᠲᠡ ᠶᠢᠨ ᠶᠠᠷᠢᠶ᠎ᠠ ᠲᠠᠯᠪᠢᠪᠠ᠃     ᠰᠦᠬᠡ ᠬᠡᠯᠡᠭᠰᠡᠨ ᠨᠢ᠂ ᠠᠶᠢᠮᠠᠭ ᠤᠨ ᠵᠠᠬᠢᠷᠭ᠎ᠠ ᠠᠴᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠢᠨᠵᠢᠯᠡᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠠᠶᠢᠭ᠎ᠠ ᠨᠢ ᠳᠠᠷᠤᠢ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ᠂ ᠲᠦᠷᠦᠯ ᠵᠦᠢᠯ ᠢᠶᠠᠷ ᠭᠤᠣᠯ ᠪᠣᠯᠭᠠᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠡᠯ᠎ᠡ ᠱᠠᠲᠤᠨ ᠤ ᠬᠢᠨ ᠤ ᠰᠡᠳᠭᠢᠯ ᠢᠶᠠᠨ ᠨᠢᠭᠡᠳᠭᠡᠨ ᠬᠦᠴᠦᠨ ᠢᠶᠠᠨ ᠬᠠᠮᠲᠤᠳᠬᠠᠵᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠬᠦᠳᠦᠯᠦᠨ ᠵᠢᠯᠣᠭᠤᠳᠴᠤ᠂ ᠲᠦᠷᠦᠯ ᠵᠦᠢᠯ ᠢ ᠪᠦᠬᠦ ᠬᠦᠴᠦᠨ ᠢᠶᠠᠷ ᠠᠳᠬᠤᠨ᠂ ᠪᠡᠯᠡ ᠣᠷᠣᠭᠤᠯᠤᠯᠲᠠ ᠶᠢ ᠥᠷᠭᠡᠳᠭᠡᠵᠦ᠂ ᠪᠦᠬᠦ ᠵᠢᠯ ᠤᠨ ᠲᠣᠭᠲᠠᠭᠰᠠᠨ ᠬᠠᠷᠠᠯᠲᠠ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ ᠶᠤᠮ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠦ᠂ ᠭᠠᠷᠳᠠᠮ ᠭᠦᠢᠴᠡᠳᠭᠡᠬᠦ᠂ ᠪᠠᠷᠢᠯᠭ᠎ᠠ ᠶᠢᠨ ᠠᠵᠢᠯ ᠢ ᠠᠬᠢᠭᠤᠯᠬᠤ ᠶᠠᠪᠤᠴᠠ ᠳᠠᠬᠢ ᠬᠦᠴᠢᠷ ᠠᠰᠠᠭᠤᠳᠠᠯ᠂ ᠲᠦᠭᠵᠢᠷᠡᠯ ᠲᠠᠢ ᠠᠰᠠᠭᠤᠳᠠᠯ ᠢ ᠴᠢᠩᠭ᠎ᠠ ᠠᠩᠬᠠᠷᠴᠤ᠂ ᠡᠷᠲᠡ ᠠᠴᠠ ᠬᠢᠨᠠᠨ ᠵᠥᠪᠰᠢᠶᠡᠷᠡᠬᠦ᠂ ᠡᠷᠲᠡ ᠠᠴᠠ ᠨᠠᠶᠢᠳᠠᠪᠤᠷᠢᠵᠢᠭᠤᠯᠬᠤ᠂ ᠡᠷᠲᠡ ᠠᠴᠠ ᠠᠵᠢᠯ ᠡᠬᠢᠯᠡᠭᠦᠯᠬᠦ᠂ ᠡᠷᠲᠡ ᠠᠴᠠ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠵᠦ ᠠᠵᠤ ᠠᠬᠤᠢ ᠶᠢᠨ ᠠᠵᠢᠯᠯᠠᠭᠠᠨ ᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠯᠳᠠ ᠬᠢᠵᠤ᠂ ᠵᠦᠢ ᠵᠣᠬᠢᠰᠲᠠᠢ ᠬᠦᠳᠦᠯᠦᠨ ᠵᠢᠯᠣᠭᠤᠳᠴᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠭᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠠᠭᠤᠷᠠᠭᠰᠠᠨ ᠠᠰᠢᠭ ᠦᠭᠡᠢ ᠪᠠᠶᠢᠳᠠᠯ ᠢ ᠪᠦᠬᠦ ᠬᠦᠴᠦᠨ ᠢᠶᠠᠷ ᠢᠶᠠᠨ ᠬᠤᠪᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠵᠢᠯᠣᠭᠤᠳᠣᠯᠭ᠎ᠠ ᠶᠢ ᠰᠠᠶᠢᠲᠤᠷ ᠠᠳᠬᠤᠬᠤ ᠪᠠᠷ ᠨᠢᠭᠡᠳᠦᠭᠡᠷ ᠠᠵᠢᠯ ᠤᠨ ᠠᠮᠵᠢᠯᠲᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠰᠠᠶᠢᠳᠦᠷ ᠬᠢᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠦ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠲᠠᠪᠤᠨ ᠠᠰᠠᠭᠤᠳᠠᠯ︾ ᠪᠠ ᠮᠠᠯᠵᠢᠬᠤ ᠲᠠᠷᠢᠶᠠᠯᠠᠬᠤ ᠣᠷᠣᠨ ᠤ ︽ᠲᠤᠯᠤᠭᠠᠨ ᠶᠠᠭᠠᠬᠢᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠢᠩᠭᠠᠨ ᠠᠶᠢᠮᠠᠭ ᠤᠨ ᠣᠨᠴᠠᠯᠢᠭ ᠲᠠᠢ ᠨᠠᠩ ᠣᠯᠠᠨ ᠠᠷᠭ᠎ᠠ ᠬᠢᠳᠡᠯ ᠪᠠ ᠵᠠᠭᠪᠤᠷ ᠢ ᠴᠢᠷᠮᠠᠶᠢᠨ ᠪᠣᠶ ᠪᠣᠯᠭᠠᠬᠤ ᠬᠡᠷᠡᠭᠲᠡᠢ᠃ ᠠᠵᠢᠯ ᠬᠢᠵᠦ ᠦᠢᠯᠡᠰ ᠪᠦᠲᠦᠭᠡᠬᠦ ᠴᠤᠭ ᠰᠦᠯᠳᠡ ᠪᠠᠨ ᠪᠠᠳᠠᠷᠠᠭᠤᠯᠵᠤ᠂ ︽ᠮᠣᠩᠭᠤᠯ ᠮᠤᠷᠢᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ︽ᠬᠢᠩᠭᠠᠨ ᠠᠶᠢᠮᠠᠭ ᠪᠣᠯ ᠪᠢᠳᠡᠨ ᠤ ᠬᠠᠮᠲᠤ ᠶᠢᠨ ᠭᠡᠷ ᠪᠦᠯᠢ ᠮᠥᠨ︾ ᠭᠡᠬᠦ ᠰᠡᠳᠭᠢᠯᠭᠡ ᠪᠠᠷ ᠪᠦᠬᠦ ᠠᠶᠢᠮᠠᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠡᠢ᠃                                                               ︵ᠵᠠᠩ ᠸᠧᠶ ᠨᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号