ᠬᠢᠩᠭᠠᠨ ᠲᠠᠪᠠᠭᠠᠨ ᠳᠠᠬᠢ ᠬᠢᠩᠭᠠᠨ ᠠᠶᠢᠮᠠᠬ ᠲᠤ ᠪᠦᠯᠬᠦᠮᠳᠡᠯ ᠤᠨ ᠴᠡᠴᠡᠭᠡᠰ ᠳᠡᠯᠭᠡᠷᠠᠨ᠎ᠠ
ᠨᠡᠶᠢᠲᠡᠯᠡᠭᠰᠡᠨ ᠴᠠᠭ᠄
2024/6/27
     6 ᠰᠠᠷ᠎ᠠ ᠶᠢᠨ 24 ᠤ ᠡᠳᠦᠷ᠂ ᠲᠦᠪ ᠤᠨ ᠤᠬᠠᠭᠤᠯᠬᠤ ᠬᠡᠯᠳᠡᠰ ᠪᠤᠯᠤᠨ ᠲᠦᠪ ᠤᠨ ᠨᠢᠭᠡᠳᠦᠮᠡᠯ ᠹᠷᠤᠨᠲ ᠤᠨ ᠬᠡᠯᠳᠡᠰ᠂ ᠤᠯᠤᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠬᠠᠮᠳᠤᠷᠠᠨ ᠦᠷᠨᠢᠬᠦᠯᠦᠭᠰᠠᠨ ︽ᠳᠤᠮᠳᠠᠳᠥ ᠶᠢᠨ ᠦᠨᠳᠥᠰᠥᠳᠡᠨ ᠤ ᠬᠠᠮᠳᠥ ᠶᠢᠨ ᠴᠤᠭᠴᠠ ᠶᠢᠨ ᠤᠬᠠᠮᠰᠠᠷ ᠢ ᠪᠠᠳᠥ ᠴᠤᠭᠴᠠᠯᠠᠨ ᠳᠤᠮᠳᠠᠳᠥ ᠵᠢᠨ‌ᠦᠨᠳᠥᠰᠥᠳᠡᠨ ᠨᠢᠭᠡ ᠭᠡᠷ ᠪᠦᠯᠢ ᠮᠡᠳᠥ ᠳᠤᠳᠤᠨᠤ︾ ᠭᠡᠬᠦ ᠭᠤᠤᠯ ᠰᠡᠳᠦᠪᠳᠦ ᠤᠬᠠᠭᠤᠯᠭ᠎ᠠ ᠶᠢᠨ ᠠᠵᠢᠯᠯᠠᠭ᠎ᠠ ᠬᠢᠩᠭᠠᠨ ᠠᠶᠢᠮᠠᠭ ᠤᠨ ᠤᠯᠠᠭᠠᠨᠬᠤᠳᠠ ᠳᠤ ᠵᠢᠩᠬᠢᠨᠢ ᠪᠠᠷ ᠡᠬᠢᠯᠡᠪᠡ᠃
     ᠲᠥᠪ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯ ᠵᠠᠭᠤᠴᠢᠯᠠᠭᠤᠷ ᠤᠨ ᠨᠠᠶᠢᠷᠠᠭᠤᠯᠤᠭᠴᠢ ᠰᠣᠷᠪᠣᠯᠵᠢᠯᠠᠭᠴᠢᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠤᠷᠳᠤᠨ ᠪᠠᠶᠢᠭᠤᠯᠤᠭᠳᠠᠭᠰᠠᠨ ᠶᠡᠭᠡ ᠬᠤᠷᠠᠯ ᠤᠨ ᠭᠠᠵᠠᠷ᠂ ᠲᠤᠮᠳᠠᠳᠦ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠠᠵᠢᠯᠯᠠᠬᠤ ᠬᠤᠷᠢᠶ᠎ᠠ ᠶᠢᠨ ᠠᠯᠪᠠᠯᠠᠵᠤ ᠪᠠᠶᠢᠬᠰᠠᠨ ᠬᠠᠭᠤᠴᠢᠨ ᠰᠠᠭᠤᠷᠢᠨ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ᠬᠢᠩᠭᠠᠨ ᠠᠶᠢᠮᠠᠭ ᠤᠨ ᠤᠯᠠᠭᠠᠨᠬᠤᠳᠠ ᠪᠠᠭ᠎ᠠ ᠰᠤᠷᠭᠠᠭᠤᠯᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠢᠩᠭᠠᠨ ᠤ ᠪᠡᠭᠡᠵᠢᠩ ᠨᠡᠶᠢᠭᠡᠮ ᠲᠣᠭᠤᠷᠢᠭ᠂ ᠬᠢᠩᠭᠠᠨ ᠤ ᠡᠬᠦᠳᠦᠨ ᠪᠦᠳᠦᠭᠡᠯᠳᠡ ᠶᠢ ᠲᠠᠶᠢᠴᠢᠯᠠᠨ‌‍ᠲ᠋ᠠᠭᠠᠭᠤᠯᠬᠤ · ᠲᠡᠯᠭᠡᠨ ᠦᠵᠡᠬᠦᠯᠵᠦ ᠪᠡᠶᠡᠴᠢᠯᠡᠨ ᠤᠶᠢᠯᠠᠭᠠᠬᠤ ᠲᠦᠪ ᠵᠡᠷᠭᠡ ᠭᠠᠵᠠᠷ ᠢᠶᠠᠷ ᠬᠦᠨᠵᠡᠭᠡᠶᠢᠷᠡᠨ ᠰᠤᠷᠪᠤᠯᠵᠢᠯᠠᠨ ᠰᠢᠨᠵᠢᠯᠡᠨ ᠪᠠᠶᠢᠴᠠᠭᠠᠯᠳᠠ ᠬᠢᠪᠡ᠃
     ᠰᠤᠷᠪᠤᠯᠵᠢᠯᠠᠭᠴᠢᠳ ᠤᠨ ᠪᠦᠯᠬᠦᠮ ᠤᠨ ᠬᠢᠨ ᠬᠢᠩᠭᠠᠨ ᠠᠶᠢᠮᠠᠭ ᠤᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ ᠴᠤᠭᠴᠠᠯᠠᠬᠤ ᠪᠠᠷ ᠭᠤᠤᠯ ᠰᠢᠵᠢᠮ ᠪᠤᠯᠭᠠᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠢ ᠦᠢᠯᠡᠰ ᠢ ᠠᠬᠢᠭᠤᠯᠤᠨ᠂ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠲᠠᠯ᠎ᠠ ᠪᠠᠷ ᠤᠯᠤᠭᠰᠠᠨ ᠠᠮᠵᠢᠯᠳᠠ ᠪᠤᠯᠤᠨ ᠲᠤᠷᠰᠢᠯᠭ᠎ᠠ ᠶᠢ ᠤᠯᠠᠨ ᠬᠠᠷᠠᠭᠠᠰᠦ᠂ ᠪᠦᠬᠦ ᠲᠠᠯ᠎ᠠ ᠪᠠᠷ ᠮᠡᠳᠡᠭᠡᠯᠡᠨ᠎ᠠ᠃         · ᠲᠤᠯᠭᠠᠭᠤᠷᠢ   ᠪᠢᠯᠢᠭ   ᠪᠤᠶᠠᠨᠳᠡᠯᠭᠡᠷ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号