ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠬᠤᠶᠠᠷ ᠬᠦᠷᠢᠶᠡᠯᠡᠩ ᠤᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2024/6/27
     ᠰᠢ ᠶᠢᠨ ᠫᠢᠩ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ      ᠯᠢ ᠴᠢᠶᠠᠩ ᠬᠤᠷᠠᠯ ᠢ ᠡᠷᠭᠢᠯᠡᠵᠦ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠪᠡ ᠵᠤᠤ ᠯᠧ ᠵᠢᠢ ᠸᠠᠩ ᠬᠤ᠋ ᠨᠢᠩ ᠼᠠᠢ ᠴᠢ ᠯᠢ ᠰᠢ ᠣᠷᠣᠯᠴᠠᠪᠠ      ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 24 ᠤ ᠴᠠᠭᠢᠯᠭᠠᠨ ᠮᠡᠳᠡᠭᠡ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ 24 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠣᠷᠣᠯᠴᠠᠵᠤ᠂ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠥᠭᠵᠢᠪᠡᠯ ᠦᠨᠳᠦᠰᠦᠲᠡᠨ ᠮᠠᠨᠳᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠦᠴᠦᠷᠬᠡᠭᠵᠢᠪᠡᠯ ᠤᠯᠤᠰ ᠭᠦᠷᠤᠨ ᠬᠦᠴᠦᠷᠬᠡᠭᠵᠢᠨ᠎ᠡ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠳᠣᠬᠢᠴᠢᠯᠠᠯᠲᠠ ᠪᠠᠷ ᠲᠤᠯᠭᠠᠭᠤᠷᠢᠯᠠᠯ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠳᠤ ᠲᠦᠰᠢᠭᠯᠡᠬᠦ ᠬᠡᠷᠡᠭᠲᠡᠢ᠃ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠪᠠᠶᠢᠷᠢ ᠰᠠᠭᠤᠷᠢ ᠪᠣᠯᠣᠨ ᠦᠨᠳᠦᠰᠦᠨ ᠲᠤᠯᠭᠠᠭᠤᠷᠢᠯᠠᠬᠤ ᠦᠢᠯᠡᠳᠦᠯ ᠢ ᠭᠦᠢᠴᠡᠳ ᠲᠠᠨᠢᠵᠤ᠂ 2035 ᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠠᠲᠤ ᠡᠵᠡᠮᠳᠡᠵᠦ᠂ ᠦᠵᠦ ᠲᠥᠯᠥᠪᠯᠡᠭᠡ ᠪᠣᠯᠣᠨ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
     6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠶᠡᠭᠡ ᠬᠤᠷᠠᠯ ᠳᠤ ᠤᠷᠤᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃
 
     6 ᠰᠠᠷ᠎ᠠ ᠶᠢᠨ 24 ᠤ ᠡᠳᠦᠷ᠂ ᠪᠦᠭᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠡᠭᠡ ᠬᠤᠷᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠶᠡᠭᠡ ᠬᠤᠷᠠᠯ ᠪᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠨ ᠨᠢᠭᠡᠳᠦᠭᠡᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠳᠣᠯᠣᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 2023 ᠣᠨ ᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠭᠥᠷᠳᠡᠭᠰᠡᠨ ᠦᠬᠠᠨ ᠶᠡᠭᠡ ᠰᠤᠷᠭᠠᠭᠤᠯᠢ ᠶᠢᠨ ᠯᠢ ᠳ᠋ᠧ ᠷᠧᠨ ᠠᠺᠠᠳᠧᠮᠢᠴᠢ ︵ᠪᠠᠷᠠᠭᠤᠨᠳᠡᠬᠢ︶ ᠪᠣᠯᠣᠨ ᠴᠢᠩᠬᠤᠸᠠ ᠶᠡᠭᠡ ᠰᠤᠷᠭᠠᠭᠤᠯᠢ ᠶᠢᠨ ᠰᠢᠤᠸᠠᠢ ᠴᠢ ᠺᠦᠨ ᠠᠺᠠᠳᠧᠮᠢᠴᠢ ︵ᠵᠡᠭᠦᠨᠳᠡᠬᠢ︶ ᠳᠤ ᠱᠠᠩᠨᠠᠯ ᠭᠠᠷᠳᠠᠭᠤᠯᠵᠤ ᠪᠠᠶᠢᠭ᠎ᠠ ᠨᠢ᠃      ᠯᠢ ᠴᠢᠶᠠᠩ ᠶᠡᠭᠡ ᠬᠤᠷᠠᠯ ᠢ ᠡᠷᠭᠢᠯᠡᠵᠦ᠂ ᠳ᠋ᠢᠩ ᠰᠢᠤᠸᠠᠢ ᠰᠢᠶᠠᠩ ᠬᠥᠬᠢᠭᠦᠯᠦᠨ ᠱᠠᠩᠨᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠯᠢ ᠰᠢ ᠣᠷᠣᠯᠴᠠᠪᠠ᠃      ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠴᠢᠯᠦᠭᠡᠯᠡᠬᠦ ᠴᠡᠷᠢᠭ ᠤᠨ ᠴᠡᠷᠢᠭ ᠤᠨ ᠬᠥᠭᠵᠢᠮ ᠤᠨ ᠪᠦᠯᠭᠦᠮ ︽ᠵᠢᠷᠤᠮ ᠤᠨ ᠴᠡᠷᠢᠭ ᠤᠨ ᠤᠷᠤᠭᠰᠢᠯᠠᠯᠲᠠ ᠶᠢᠨ ᠳᠠᠭᠤᠤ︾ ᠶᠢᠨ ᠠᠶ᠎ᠠ ᠶᠢ ᠬᠥᠭᠵᠢᠮᠳᠡᠵᠦ᠂ ᠲᠠᠯᠠᠪᠠᠢ ᠳᠠᠶᠠᠭᠠᠷ ᠪᠣᠰᠴᠤ ᠵᠣᠭᠰᠣᠨ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ᠃      ᠳ᠋ᠢᠩ ᠰᠢᠤᠸᠠᠢ ᠰᠢᠶᠠᠩ ︽2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠬᠢᠭᠦᠯᠦᠨ ᠱᠠᠩᠨᠠᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠤᠩᠰᠢᠨ ᠨᠡᠶᠢᠲᠡᠯᠡᠪᠡ᠃      ᠶᠣᠰᠣᠯᠠᠯ ᠤᠨ ᠪᠦᠷᠢᠶ᠎ᠡ ᠬᠠᠩᠭᠢᠨᠠᠪᠠ᠂ ᠰᠢ ᠶᠢᠨ ᠫᠢᠩ ᠡᠩ ᠲᠡᠷᠢᠭᠦᠨ ᠳᠤ 2023 ᠣᠨ ᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠢ ᠭᠥᠷᠳᠡᠭᠰᠡᠨ ᠦᠬᠠᠨ ᠶᠡᠭᠡ ᠰᠤᠷᠭᠠᠭᠤᠯᠢ ᠶᠢᠨ ᠯᠢ ᠳ᠋ᠧ ᠷᠧᠨ ᠠᠺᠠᠳᠧᠮᠢᠴᠢ ᠪᠣᠯᠣᠨ ᠴᠢᠩᠬᠤᠸᠠ ᠶᠡᠭᠡ ᠰᠤᠷᠭᠠᠭᠤᠯᠢ ᠶᠢᠨ ᠰᠢᠤᠸᠠᠢ ᠴᠢ ᠺᠦᠨ ᠠᠺᠠᠳᠧᠮᠢᠴᠢ ᠳᠤ ᠱᠠᠩᠨᠠᠯ ᠤᠨ ᠮᠧᠳᠠᠯ᠂ ᠦᠨᠡᠮᠯᠡᠯ ᠭᠠᠷᠳᠠᠭᠤᠯᠵᠤ᠂ ᠲᠡᠳᠡᠨ ᠲᠠᠢ ᠬᠠᠯᠠᠭᠤᠨ ᠢᠶᠠᠷ ᠭᠠᠷ ᠠᠳᠬᠤᠵᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠠᠷᠠᠭ᠎ᠠ ᠨᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠠᠮᠤᠭ ᠤᠨ ᠳᠡᠭᠡᠳᠦ ᠱᠠᠩᠨᠠᠯ ᠭᠥᠷᠳᠡᠭᠰᠡᠨ ᠬᠤᠶᠠᠷ ᠬᠥᠮᠥᠨ ᠲᠠᠢ ᠬᠠᠮᠲᠤ ᠪᠠᠷ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠰᠢᠯᠳᠠ ᠶᠢᠨ ᠱᠠᠩᠨᠠᠯ ᠪᠣᠯᠣᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠭᠥᠷᠳᠡᠭᠰᠡᠨ ᠲᠥᠯᠥᠭᠡᠯᠡᠭᠴᠢ ᠳᠤ ᠦᠨᠡᠮᠯᠡᠯ ᠭᠠᠷᠳᠠᠭᠤᠯᠪᠠ᠃      ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠲᠥᠪ ᠬᠤᠷᠢᠶ᠎ᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ ᠭᠡᠯᠪᠡᠷᠢ ᠶᠢᠨ ᠤᠯᠤᠰ ᠢ ᠲᠦᠷᠭᠡᠳᠬᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠳᠤᠷᠠᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠬᠦᠴᠦᠲᠡᠢ ᠠᠬᠢᠭᠤᠯᠵᠤ᠂ ᠮᠠᠨ ᠤ ᠤᠯᠤᠰ ᠤᠨ ᠰᠠᠭᠤᠷᠢ ᠬᠤᠰᠢᠭᠤᠷᠠᠯ ᠰᠤᠳᠤᠯᠭᠠᠨ ᠰᠢᠨ᠎ᠡ ᠰᠢᠪᠲᠤᠯᠤᠯᠲᠠ ᠲᠠᠢ ᠪᠣᠯᠵᠤ᠂ ᠪᠠᠶᠢᠯᠳᠤᠬᠤ ᠪᠣᠳᠣᠯᠭ᠎ᠠ ᠶᠢᠨ ᠳᠡᠭᠡᠳᠦ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠵᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠰᠢᠨ᠎ᠡ ᠪᠠᠶᠢᠳᠠᠯ ᠢ ᠨᠡᠭᠡᠭᠡᠵᠦ᠂ ᠣᠯᠠᠨ ᠤᠯᠤᠰ ᠤᠨ ᠨᠡᠭᠡᠭᠡᠯᠲᠡᠲᠤ ᠬᠠᠮᠲᠤᠷᠠᠯᠴᠠᠭ᠎ᠠ ᠰᠢᠨ᠎ᠡ ᠠᠬᠢᠴᠠ ᠲᠠᠢ ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠦᠢᠯᠡᠳᠦᠯᠭᠡ ᠳᠤᠮᠳᠠ ᠪᠢᠳᠡ ᠵᠢᠮ᠎ᠡ ᠶᠣᠰᠣᠴᠢ ᠴᠢᠨᠠᠷᠲᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠠᠰᠢ ᠣᠯᠠᠨ ᠴᠢᠬᠤᠯᠠ ᠲᠤᠷᠰᠢᠯᠭ᠎ᠠ ᠶᠢ ᠬᠤᠷᠠᠮᠳᠤᠭᠤᠯᠪᠠ᠂ ᠭᠤᠣᠯᠳᠠᠭᠤ᠄ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠳᠥᠷᠪᠡ ᠳᠤ ᠬᠠᠨᠳᠤᠬᠤ︾ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠠᠬᠢᠭᠤᠯᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠪᠠᠷ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠶᠢ ᠪᠠᠷᠢᠮᠲᠠᠯᠠᠨ᠎ᠠ ᠃ ᠡᠳᠡᠭᠡᠷ ᠲᠤᠷᠰᠢᠯᠭ᠎ᠠ ᠶᠢ ᠡᠷᠬᠡᠪᠰᠢ ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠦᠢᠯᠡᠳᠦᠯᠭᠡ ᠳᠤᠮᠳᠠ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠰᠢᠷᠦᠭᠦᠰᠴᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠪᠦᠭᠦ ᠪᠥᠮᠪᠥᠷᠴᠡᠭ ᠤᠨ ᠡᠮᠬᠢ ᠳᠢᠭᠯᠢᠮ ᠪᠣᠯᠣᠨ ᠬᠥᠭᠵᠢᠯᠲᠡ ᠶᠢᠨ ᠪᠠᠶᠢᠷᠢᠰᠢᠯ ᠢ ᠭᠦᠨᠵᠡᠭᠡᠢ ᠲᠠᠭᠢᠨ ᠪᠦᠷᠢᠯᠳᠦᠭᠦᠯᠪᠡ᠃ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠪᠠᠰᠠ ᠵᠠᠷᠢᠮ ᠳᠤᠲᠠᠭᠤᠳᠠᠯ᠂ ᠪᠠᠭᠤᠷᠠᠢ ᠲᠠᠯ᠎ᠠ ᠣᠷᠣᠰᠢᠵᠤ ᠪᠠᠶᠢᠨ᠎ᠠ᠂ ᠡᠷᠬᠡᠪᠰᠢ ᠲᠤᠯᠭᠠᠮ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠦᠯᠳᠦᠭᠡᠨ ᠪᠠ ᠢᠷᠡᠭᠡᠳᠦᠢ ᠶᠢᠨ ᠬᠥᠭᠵᠢᠯᠲᠡ ᠶᠢᠨ ᠠᠰᠢᠭᠲᠠᠢ ᠪᠠᠶᠢᠷᠢ ᠶᠢ ᠵᠠᠪᠳᠤᠨ ᠡᠵᠡᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠭᠡᠯᠪᠡᠷᠢ ᠶᠢᠨ ᠤᠯᠤᠰ ᠳᠠᠶᠠᠭᠠᠷᠴᠢᠯᠠᠬᠰᠠᠨ ᠪᠠᠶᠢᠭᠤᠯᠤᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠠᠴᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠲᠥᠪᠯᠡᠷᠡᠩᠭᠦᠢ ᠨᠢᠭᠡᠳᠦᠯᠲᠡᠢ ᠤᠳᠤᠷᠢᠳᠬᠤ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠵᠣᠬᠢᠴᠠᠩᠭᠤᠢ ᠥᠨᠳᠥᠷ ᠪᠦᠲᠦᠮᠵᠢᠲᠡᠢ ᠰᠢᠢᠳᠪᠦᠷᠢᠲᠦ ᠪᠣᠳᠣᠯᠭ᠎ᠠ ᠶᠢᠨ ᠵᠢᠯᠤᠭᠤᠳᠬᠤ ᠰᠢᠰᠲ᠋ᠧᠮ ᠪᠣᠯᠣᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠰᠢᠰᠲ᠋ᠧᠮ ᠢ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠤᠨ ᠣᠷᠳᠣᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠂ ᠠᠵᠤ ᠦᠢᠯᠡᠰ ᠵᠢᠭᠠᠨ ᠰᠤᠷᠭᠠᠯᠲᠠ ᠰᠤᠳᠤᠯᠭᠠᠨ ᠵᠡᠷᠭᠡ ᠡᠯ᠎ᠡ ᠭᠤᠭᠴᠤᠭ᠎ᠠ ᠶᠢᠨ ᠢᠳᠡᠪᠬᠢᠵᠢᠯ ᠢ ᠳᠠᠶᠢᠴᠢᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠬᠠᠮᠲᠤ ᠪᠠᠷ ᠠᠬᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠴᠢᠯᠦᠭᠡᠲᠡᠢ ᠪᠠᠷ ᠰᠦᠪᠡᠭᠴᠢᠯᠡᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠨᠳᠦᠰᠦ ᠪᠠ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃      ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠩᠭᠠᠯᠭ᠎ᠠ ᠶᠢ ᠨᠡᠮᠡᠭᠳᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ᠰᠢᠨ᠎ᠡ ᠮᠡᠷᠭᠡᠵᠢᠯ ᠢ ᠢᠳᠡᠪᠬᠢᠲᠡᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠴᠢᠩᠭᠠᠳᠬᠠᠬᠤ ᠬᠡᠷᠡᠭᠲᠡᠢ᠃ ᠣᠷᠣᠨ ᠪᠦᠰᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠷᠢᠰᠢᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠬᠠᠮᠢᠶᠠᠷᠤᠯᠲᠠ ᠶᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠬᠦᠴᠦᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣᠨ ᠳᠤ ᠨᠡᠶᠢᠴᠡᠬᠦ ᠲᠥᠷᠥᠯ ᠬᠤᠪᠢᠶᠠᠨ ᠦᠨᠡᠯᠡᠬᠦ ᠰᠢᠰᠲ᠋ᠧᠮ ᠪᠠ ᠰᠢᠯᠭᠠᠨ ᠬᠢᠨᠠᠬᠤ ᠲᠣᠭᠲᠠᠴᠠ ᠶᠢ ᠲᠦᠷᠭᠡᠳᠬᠡᠨ ᠪᠦᠷᠢᠨᠰᠢᠭᠦᠯᠵᠦ᠂ ᠤᠷᠮᠠᠰᠢᠭᠤᠯᠬᠤ ᠳᠦᠷᠢᠮ ᠢ ᠲᠡᠭᠦᠯᠳᠡᠷᠵᠢᠭᠦᠯᠦᠨ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠮᠵᠢ ᠲᠣᠭᠲᠠᠴᠠ ᠶᠢ ᠨᠢᠭᠡ ᠴᠣᠭᠴᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠬᠠᠮᠵᠢᠯᠴᠠᠨ ᠬᠥᠮᠥᠨ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠡᠪᠴᠢᠶ᠎ᠡ ᠪᠠᠷ ᠠᠤᠭ᠎ᠠ ᠶᠡᠭᠡ᠂ ᠪᠦᠲᠦᠴᠡ ᠵᠣᠬᠢᠰᠲᠠᠢ᠂ ᠬᠡᠪ ᠪᠣᠯᠪᠠᠰᠤᠷᠠᠯ ᠰᠢᠯᠢᠳᠡᠭ ᠰᠢᠨ᠎ᠡ ᠶᠢ ᠡᠭᠦᠳᠬᠦ ᠭᠡᠯᠪᠡᠷᠢ ᠶᠢᠨ ᠴᠢᠳᠠᠪᠤᠷᠢᠲᠠᠨ ᠤ ᠡᠩᠨᠡᠭᠡ ᠶᠢ ᠲᠦᠷᠭᠡᠨ ᠬᠥᠮᠥᠵᠢᠭᠦᠯᠬᠦ ᠬᠡᠷᠡᠭᠲᠡᠢ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠥᠵᠢᠭᠦᠯᠬᠦ ᠬᠢᠷᠢ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠳᠬᠡᠨ ᠪᠠᠶᠢᠭᠤᠯᠵᠤ᠂ ᠭᠠᠷᠮᠠᠭᠠᠢ ᠢᠨᠵᠧᠨᠧᠷ᠂ ᠲᠣᠮᠣ ᠤᠯᠤᠰ ᠤᠨ ᠤᠷᠠᠨ ᠳᠠᠷᠬᠠᠨ᠂ ᠳᠡᠭᠡᠳᠦ ᠵᠡᠷᠭᠡ ᠶᠢᠨ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠦᠴᠦᠯᠡᠨ ᠬᠥᠮᠥᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠷᠭᠡᠨ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠯᠤᠰ ᠭᠡᠳᠤ ᠶᠢᠨ ᠵᠣᠷᠢᠯᠲᠠ ᠲᠠᠢ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠭᠦ᠂ ᠰᠢᠨ᠎ᠡ ᠶᠢ ᠡᠭᠦᠳᠬᠦ ᠪᠠᠷ ᠵᠣᠷᠢᠭ ᠰᠢᠭᠤᠳᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠨᠡᠭᠡᠭᠡᠯᠲᠡ ᠬᠢᠵᠦ ᠬᠠᠮᠲᠤᠷᠠᠯᠴᠠᠬᠤ ᠳᠤᠮᠳᠠ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠬᠡᠷᠡᠭᠲᠡᠢ᠃ ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠪᠣᠯᠣᠨ ᠠᠷᠠᠳ ᠤᠨ ᠬᠤᠭᠤᠷᠣᠨᠳᠣᠭᠢ ᠰᠣᠯᠢᠯᠴᠠᠭ᠎ᠠ ᠬᠠᠮᠲᠤᠷᠠᠯᠴᠠᠭ᠎ᠠ ᠶᠢᠨ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠡᠯ᠎ᠡ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠬᠠᠮᠲᠤᠷᠠᠨ ᠪᠣᠭᠤᠮᠲᠠ ᠰᠢᠪᠲᠤᠯᠬᠤ ᠶᠢ ᠳᠡᠮᠵᠢᠬᠦ ᠬᠡᠷᠡᠭᠲᠡᠢ᠃ ᠪᠦᠭᠦ ᠪᠥᠮᠪᠥᠷᠴᠡᠭ ᠤᠨ ᠰᠢᠨ᠎ᠡ ᠶᠢ ᠡᠭᠦᠳᠬᠦ ᠲᠣᠣᠷ ᠰᠦᠯᠵᠢᠶ᠎ᠡ ᠳᠤ ᠢᠳᠡᠪᠬᠢᠲᠡᠢ ᠠᠭᠤᠰᠤᠯᠴᠠᠵᠤ᠂ ᠪᠦᠭᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠮᠥᠨ ᠲᠥᠷᠥᠯᠬᠢᠲᠡᠨ ᠳᠤ ᠨᠡᠩ ᠰᠠᠶᠢᠲᠤᠷ ᠪᠤᠶᠠᠨ ᠦᠢᠯᠡᠳᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠤᠶᠠᠷ ᠬᠦᠷᠢᠶᠡᠯᠡᠩ ᠤᠨ ᠠᠺᠠᠳᠧᠮᠢᠴᠢᠴᠤᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠰᠢᠭᠤᠷᠠᠯ ᠤᠨ ᠵᠠᠮ ᠨᠡᠭᠡᠭᠡᠭᠴᠢ᠂ ᠴᠢᠬᠤᠯᠠ ᠶᠡᠭᠡ ᠡᠭᠦᠷᠭᠡ ᠶᠢ ᠡᠭᠦᠷᠭᠡᠯᠡᠭᠴᠢ᠂ ᠵᠠᠯᠠᠭᠤ ᠴᠢᠳᠠᠪᠤᠷᠢᠲᠠᠨ ᠤ ᠦᠰᠦᠨ ᠪᠤᠶᠢᠵᠢᠯᠲᠠ ᠶᠢᠨ ᠳᠠᠭᠠᠭᠤᠯᠤᠭᠴᠢ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ ᠵᠢᠱᠢᠶ᠎ᠡ ᠦᠵᠡᠭᠦᠯᠦᠭᠴᠢ ᠪᠣᠯᠵᠤ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠳᠤ ᠲᠠᠭᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠦ ᠪᠠᠶᠢᠨ᠎ᠠ᠃ ᠥᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤᠬᠠᠮᠰᠠᠷ ᠠᠴᠠ ᠪᠠᠨ ᠡᠷᠳᠡᠮ ᠰᠢᠨᠵᠢᠯᠡᠭᠡᠨ ᠤ ᠬᠥᠭᠡᠭᠡᠴᠡᠯᠳᠦᠯ ᠢᠶᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠭᠤᠤ ᠶᠡᠭᠡ ᠦᠢᠯᠡᠰ ᠲᠤ ᠠᠭᠤᠰᠤᠯᠴᠠᠭᠤᠯᠵᠤ᠂ ᠴᠠᠭ ᠦᠶ᠎ᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠳᠦᠮᠵᠢ ᠶᠢ ᠡᠭᠦᠳᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠦᠢᠯᠡᠴᠢᠯᠡᠭᠡ ᠪᠠᠲᠤᠯᠠᠭ᠎ᠠ ᠶᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠢᠯᠡᠳᠬᠡᠪᠡ᠃      ᠯᠢ ᠴᠢᠶᠠᠩ ᠶᠡᠭᠡ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠣᠶᠢᠷ᠎ᠠ ᠶᠢᠨ ᠵᠢᠯ ᠤᠨ ᠲᠤᠷᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠢᠴᠡᠳ ᠨᠤᠲᠠᠯᠠᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠴᠢᠬᠤᠯᠠ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠠᠭᠤᠤ ᠶᠡᠭᠡ ᠠᠬᠢᠴᠠ ᠳᠤᠮᠳᠠᠬᠢ ᠴᠢᠬᠤᠯᠠ ᠦᠢᠯᠡᠳᠦᠯ ᠢ ᠨᠠᠷᠢᠨ ᠲᠣᠳᠣᠷᠬᠠᠢ ᠥᠭᠦᠯᠡᠵᠦ᠂ ᠰᠢᠨ᠎ᠡ ᠪᠠᠶᠢᠳᠠᠯ ᠤᠨ ᠳᠣᠣᠷ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠠᠶᠢᠭᠤᠯᠬᠤ ᠶᠢᠨ ᠦᠨᠳᠦᠰᠦᠨ ᠠᠭᠤᠯᠤᠭᠳᠠᠬᠤᠨ ᠪᠠ ᠭᠤᠣᠯ ᠡᠭᠦᠷᠭᠡ ᠶᠢ ᠰᠢᠰᠲ᠋ᠧᠮ ᠲᠠᠢ ᠪᠠᠷ ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠪᠠ᠂ ᠭᠦᠨᠵᠡᠭᠡᠢ ᠰᠤᠷᠤᠯᠴᠠᠨ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠠᠶᠠᠨ ᠳᠤ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠠᠶᠢᠭᠤᠯᠬᠤ ᠡᠭᠦᠷᠭᠡ ᠥᠩᠭᠡ ᠭᠡᠷᠡᠯᠲᠡᠢ᠂ ᠬᠠᠷᠢᠭᠤᠴᠠᠯᠭ᠎ᠠ ᠬᠦᠨᠳᠦ ᠶᠡᠭᠡ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠢ ᠰᠠᠶᠢᠲᠤᠷ ᠬᠢᠬᠦ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ ᠢᠶᠠᠨ ᠴᠢᠨᠠᠭᠰᠢᠳᠠ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ ᠯᠢ ᠳ᠋ᠧ ᠷᠧᠨ ᠪᠣᠯᠣᠨ ᠰᠢᠤᠸᠠᠢ ᠴᠢ ᠺᠦᠨ ᠱᠠᠩᠨᠠᠯ ᠭᠥᠷᠳᠡᠭᠰᠡᠨ ᠪᠦᠭᠦ ᠬᠥᠮᠥᠰ ᠢ ᠲᠥᠯᠥᠭᠡᠯᠡᠨ ᠦᠭᠡ ᠬᠡᠯᠡᠪᠡ᠃      ᠬᠤᠷᠠᠯ ᠠᠴᠠ ᠡᠮᠦᠨ᠎ᠡ ᠰᠢ ᠶᠢᠨ ᠫᠢᠩ ᠵᠡᠷᠭᠡ ᠤᠳᠤᠷᠢᠳᠬᠤ ᠨᠥᠬᠦᠳ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠥᠷᠳᠡᠭᠰᠡᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠭᠰᠠᠨ ᠪᠥᠭᠡᠳ ᠤᠯᠠᠨ ᠲᠠᠢ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠡᠭᠡ ᠬᠤᠷᠠᠯ ᠳᠤ ᠣᠷᠣᠯᠴᠠᠪᠠ᠃      ᠡᠯ᠎ᠡ ᠮᠤᠵᠢ ᠣᠷᠣᠨ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠲᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠶᠠᠷ ᠬᠦᠷᠢᠶᠡᠯᠡᠩ ᠤᠨ ᠠᠺᠠᠳᠧᠮᠢᠴᠢ᠂ ᠬᠡᠰᠡᠭ ᠭᠠᠳᠠᠭᠠᠳᠤ ᠶᠢᠨ ᠠᠺᠠᠳᠧᠮᠢᠴᠢ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠬᠦᠷᠲᠡᠭᠰᠡᠳ ᠤᠨ ᠲᠥᠯᠥᠭᠡᠯᠡᠭᠴᠢ ᠵᠡᠷᠭᠡ 3000 ᠰᠢᠬᠠᠮ ᠬᠥᠮᠥᠨ ᠶᠡᠭᠡ ᠬᠤᠷᠠᠯ ᠳᠤ ᠣᠷᠣᠯᠴᠠᠵᠠᠢ᠃      2023 ᠣᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠳᠤ ᠨᠡᠶᠢᠲᠡ 250 ᠲᠥᠷᠥᠯ ᠵᠦᠢᠯ ᠪᠠ 12 ᠨᠡᠷᠡᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠰᠢᠯᠭᠠᠷᠠᠭᠤᠯᠪᠠ᠃ ᠡᠭᠦᠨ ᠳᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠱᠠᠩᠨᠠᠯ ᠭᠦᠷᠲᠡᠭᠴᠢ 2 ᠬᠥᠮᠥᠨ ᠪᠤᠶ︔ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ 49 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 1 ᠵᠦᠢᠯ᠂ ᠬᠤᠶᠠᠳᠤᠭᠠᠷ ᠳᠡᠰ ᠤᠨ ᠱᠠᠩᠨᠠᠯ 48 ᠵᠦᠢᠯ ᠪᠤᠢ︔ ᠤᠯᠤᠰ ᠤᠨ ᠮᠡᠷᠭᠡᠵᠢᠯ ᠤᠨ ᠡᠭᠦᠳᠦᠯᠲᠡ ᠶᠢᠨ ᠱᠠᠩᠨᠠᠯ 62 ᠵᠦᠢᠯ ᠪᠠᠶᠢᠵᠤ᠂ ᠡᠭᠦᠨ ᠳᠤ ᠨᠢᠭᠡᠳᠦᠭᠡᠷ ᠳᠡᠰ ᠤᠨ ᠱᠠᠩᠨᠠᠯ 8 ᠵᠦᠢᠯ᠂ ᠬᠤᠶᠠᠳᠤᠭᠠᠷ ᠳᠡᠰ ᠤᠨ ᠱᠠᠩᠨᠠᠯ 54 ᠵᠦᠢᠯ ᠪᠤᠢ︔ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ 139 ᠵᠦᠢᠯ ᠪᠠᠶᠢᠵᠤ᠂ ᠡᠭᠦᠨ ᠳᠤ ᠣᠨᠴᠠ ᠳᠡᠰ ᠤᠨ ᠱᠠᠩᠨᠠᠯ 3 ᠵᠦᠢᠯ᠂ ᠨᠢᠭᠡᠳᠦᠭᠡᠷ ᠳᠡᠰ ᠤᠨ ᠱᠠᠩᠨᠠᠯ 16 ᠵᠦᠢᠯ᠂ ᠬᠤᠶᠠᠳᠤᠭᠠᠷ ᠳᠡᠰ ᠤᠨ ᠱᠠᠩᠨᠠᠯ 120 ᠵᠦᠢᠯ ᠪᠤᠢ︔ ᠭᠠᠳᠠᠭᠠᠳᠤ ᠶᠢᠨ 10 ᠲᠤᠰᠬᠠᠢ ᠮᠡᠷᠭᠡᠵᠢᠯᠲᠡᠨ ᠳᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠲᠤᠷᠠᠯᠴᠠᠭᠠᠨ ᠤ ᠱᠠᠩᠨᠠᠯ ᠣᠯᠭᠤᠪᠠ᠃    
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号