ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠠᠮᠤᠷ ᠲᠦᠪᠰᠢᠨ ᠢᠶᠠᠷ ᠭᠠᠵᠠᠷᠳᠠᠵᠤ ᠳᠡᠯᠡᠬᠡᠢ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠡᠭᠦᠷᠭᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/6/27
     ᠰᠢ ᠶᠢᠨ ᠫᠢᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠴᠠᠭᠢᠯᠭᠠᠨ ᠶᠠᠪᠤᠭᠤᠯᠵᠤ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠲᠡᠭᠦᠰ ᠠᠮᠵᠢᠯᠲᠠ ᠣᠯᠣᠭᠰᠠᠨ ᠳᠤ ᠪᠠᠶᠠᠷ ᠬᠦᠷᠭᠡᠪᠡ      ᠳ᠋ᠢᠩ ᠰᠢᠤᠸᠠᠢ ᠰᠢᠶᠠᠩ ᠪᠡᠭᠡᠵᠢᠩ ᠳᠤ ᠪᠤᠴᠠᠯᠲᠠ ᠶᠢᠨ ᠮᠠᠰᠢᠨ ᠤ ᠭᠠᠵᠠᠷᠳᠠᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ      ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 25 ᠤ ᠴᠠᠭᠢᠯᠭᠠᠨ ᠮᠡᠳᠡᠭᠡ︶ 6 ᠰᠠᠷ᠎ᠠ ᠶᠢᠨ 25 ᠤ ᠡᠳᠦᠷ ᠤᠨ 14 ᠴᠠᠭ 7 ᠮᠢᠨᠦ᠋ᠲ ᠲᠤ ᠴᠠᠩ ᠧ ᠵᠢᠷᠭᠤᠳᠤᠭᠠᠷ ᠪᠤᠴᠠᠯᠲᠠ ᠶᠢᠨ ᠮᠠᠰᠢᠨ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠠᠪᠤᠭᠰᠠᠨ ᠥᠯᠢᠭᠡᠷ ᠢᠶᠠᠨ ᠠᠪᠴᠤ ᠥᠪᠥᠷ ᠮᠣᠩᠭᠤᠯ ᠤᠨ ᠳᠥᠷᠪᠡᠳ ᠬᠤᠰᠢᠭᠤᠨ ᠤ ᠤᠷᠢᠳᠴᠢᠯᠠᠨ ᠲᠣᠭᠲᠠᠭᠠᠭᠰᠠᠨ ᠣᠷᠣᠨ ᠳᠤ ᠠᠮᠤᠷ ᠲᠦᠪᠰᠢᠨ ᠢᠶᠠᠷ ᠭᠠᠵᠠᠷᠳᠠᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠠᠶᠠᠷ ᠤᠨ ᠴᠠᠭᠢᠯᠭᠠᠨ ᠢᠯᠡᠭᠡᠵᠦ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ‍ᠤᠨ‌‍ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ ᠵᠢᠷᠭᠤᠳᠤᠭᠠᠷ ᠤᠨ ᠡᠭᠦᠷᠭᠡ ᠶᠢᠨ ᠵᠢᠯᠤᠭᠤᠳᠬᠤ ᠬᠡᠯᠲᠡᠰ ᠪᠠ ᠴᠠᠩ ᠧ ᠵᠢᠷᠭᠤᠳᠤᠭᠠᠷ ᠤᠨ ᠡᠭᠦᠷᠭᠡ ᠳᠤ ᠣᠷᠣᠯᠴᠠᠬᠰᠠᠨ ᠪᠦᠭᠦ ᠨᠥᠬᠦᠳ ᠲᠤ ᠬᠠᠯᠠᠭᠤᠨ ᠪᠠᠶᠠᠷ ᠬᠦᠷᠭᠡᠭᠰᠡᠨ ᠪᠥᠭᠡᠳ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      ᠰᠢ ᠶᠢᠨ ᠫᠢᠩ ᠪᠠᠶᠠᠷ ᠤᠨ ᠴᠠᠭᠢᠯᠭᠠᠨ ᠳᠠᠭᠠᠨ᠂ ᠴᠠᠩ ᠧ ᠵᠢᠷᠭᠤᠳᠤᠭᠠᠷ ᠪᠣᠯ ᠬᠥᠮᠥᠨ ᠲᠥᠷᠥᠯᠬᠢᠲᠡᠨ ᠤ ᠲᠡᠦᠬᠡᠨ ᠳᠡᠭᠡᠷ᠎ᠡ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠬᠤ ᠶᠢ ᠪᠡᠶᠡᠯᠡᠭᠦᠯᠦᠭᠰᠡᠨ ᠶᠠᠪᠤᠳᠠᠯ ᠪᠠᠶᠢᠵᠤ᠂ ᠮᠠᠨ ᠤ ᠤᠯᠤᠰ ᠤᠨ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠵᠤ ᠣᠯᠣᠭᠰᠠᠨ ᠪᠠᠰᠠ ᠨᠢᠭᠡᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠪᠣᠯᠣᠨ᠎ᠠ᠃ 20 ᠵᠢᠯ ᠤᠨ ᠲᠤᠷᠰᠢ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠢ ᠰᠤᠳᠤᠯᠤᠨ ᠦᠢᠯᠡᠳᠬᠦ ᠪᠦᠲᠦᠭᠡᠨ ᠪᠠᠶᠢᠭᠤᠯᠤᠯᠲᠠ ᠳᠤ ᠣᠷᠣᠯᠴᠠᠬᠰᠠᠨ ᠪᠦᠭᠦ ᠨᠥᠬᠦᠳ‌‍ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠨᠣᠶᠠᠨ ᠤᠷᠭᠢᠯ ᠳᠤ ᠵᠣᠷᠢᠭᠲᠠᠢ ᠠᠪᠠᠷᠢᠵᠤ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠣᠯᠵᠤ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠴᠢᠨᠠᠷ ᠰᠠᠶᠢᠲᠠᠢ᠂ ᠦᠷ᠎ᠡ ᠠᠰᠢᠭ ᠰᠠᠶᠢᠲᠠᠢ ᠵᠠᠮ ᠢ ᠨᠡᠭᠡᠭᠡᠵᠡᠢ᠃ ᠲᠠ ᠨᠠᠷ ᠤᠨ ᠦᠵᠡᠭᠦᠯᠦᠭᠰᠡᠨ ᠲᠣᠪᠤᠶᠢᠮ᠎ᠠ ᠬᠤᠪᠢ ᠨᠡᠮᠡᠷᠢ ᠶᠢ ᠡᠬᠡ ᠤᠯᠤᠰ ᠪᠠ ᠠᠷᠠᠳ ᠲᠦᠮᠡᠨ ᠥᠨᠢ ᠡᠭᠦᠷᠢᠳᠡ ᠪᠠᠲᠤ ᠴᠡᠭᠡᠵᠢᠯᠡᠬᠦ ᠶᠤᠮ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠲᠠ ᠨᠠᠷ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠰᠠᠷᠠᠨ ᠪᠥᠮᠪᠥᠷᠴᠡᠭ ᠤᠨ ᠦᠯᠢᠭᠡᠷ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠨᠢᠮᠪᠠᠢ ᠥᠷᠨᠢᠭᠦᠯᠵᠦ᠂ ᠭᠦᠨ ᠣᠭᠲᠠᠷᠭᠤᠢ ᠶᠢᠨ ᠬᠠᠶᠢᠨ ᠬᠡᠮᠵᠢᠯᠲᠡ ᠵᠡᠷᠭᠡ ᠰᠠᠨᠰᠠᠷ ᠤᠨ ᠠᠶᠠᠯᠠᠯ ᠤᠨ ᠴᠢᠬᠤᠯᠠ ᠶᠡᠭᠡ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠤᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠤᠨ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠵᠤ᠂ ᠣᠷᠴᠢᠯᠠᠩ ᠤᠨ ᠨᠢᠭᠤᠴᠠ ᠶᠢ ᠬᠠᠶᠢᠨ ᠰᠦᠪᠡᠭᠴᠢᠯᠡᠬᠦ᠂ ᠬᠥᠮᠥᠨ ᠲᠥᠷᠥᠯᠬᠢᠲᠡᠨ ᠤ ᠪᠤᠶᠠᠨ ᠵᠢᠷᠭᠠᠯ ᠢ ᠨᠡᠮᠡᠭᠳᠡᠭᠦᠯᠬᠦ ᠳᠤ ᠲᠠᠭᠢᠨ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠡᠭᠡᠵᠢᠩ ᠤᠨ ᠰᠠᠨᠰᠠᠷ ᠤᠨ ᠠᠶᠠᠯᠠᠯ ᠤᠨ ᠨᠢᠰᠦᠯᠲᠡ ᠶᠢ ᠡᠵᠡᠮᠳᠡᠬᠦ ᠲᠥᠪ ᠲᠤ ᠴᠠᠩ ᠧ ᠵᠢᠷᠭᠤᠳᠤᠭᠠᠷ ᠤᠨ ᠡᠭᠦᠷᠭᠡ ᠶᠢᠨ ᠪᠤᠴᠠᠯᠲᠠ ᠶᠢᠨ ᠮᠠᠰᠢᠨ ᠤ ᠭᠠᠵᠠᠷᠳᠠᠵᠤ ᠬᠤᠷᠢᠶᠠᠨ ᠠᠪᠤᠭᠰᠠᠨ ᠪᠠᠶᠢᠳᠠᠯ ᠢ ᠦᠵᠡᠪᠡ᠃ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠲᠤᠬᠠᠢ ᠶᠢᠨ ᠲᠠᠯᠠᠪᠠᠢ ᠳᠤ ᠰᠢ ᠶᠢᠨ ᠫᠢᠩ ᠤᠨ ᠪᠠᠶᠠᠷ ᠤᠨ ᠴᠠᠭᠢᠯᠭᠠᠨ ᠴᠢᠮᠡᠭᠡ ᠶᠢ ᠤᠩᠰᠢᠨ ᠨᠡᠶᠢᠲᠡᠯᠡᠪᠡ᠃      ᠴᠠᠩ ᠧ ᠵᠢᠷᠭᠤᠳᠤᠭᠠᠷ ᠤᠨ ᠡᠭᠦᠷᠭᠡ ᠨᠢ ᠬᠠᠷᠪᠤᠭᠰᠠᠨ ᠠᠴᠠ ᠠᠪᠤᠭᠠᠳ 53 ᠡᠳᠦᠷ᠂ 11 ᠨᠢᠰᠦᠯᠲᠡ ᠶᠢᠨ ᠱᠠᠲᠤ ᠦᠶ᠎ᠡ ᠶᠢ ᠥᠩᠭᠡᠷᠡᠭᠡᠵᠦ᠂ ᠰᠠᠷᠠᠨ ᠪᠥᠮᠪᠥᠷᠴᠡᠭ ᠤᠨ ᠰᠥᠷᠭᠡᠦ ᠲᠣᠭᠤᠷᠢᠯᠲᠠ ᠶᠢᠨ ᠵᠠᠮ ᠢ ᠵᠢᠷᠤᠵᠤ ᠲᠥᠯᠥᠪᠯᠡᠬᠦ ᠪᠠ ᠡᠵᠡᠮᠳᠡᠬᠦ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠣᠶᠤᠨᠴᠢ ᠪᠠᠷ ᠲᠦᠷᠭᠡᠨ ᠥᠯᠢᠭᠡᠷ ᠠᠪᠬᠤ᠂ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠨᠢᠰᠴᠦ ᠬᠥᠭᠡᠷᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠵᠤ᠂ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠶᠢᠨ ᠥᠯᠢᠭᠡᠷ ᠢ ᠣᠯᠣᠭᠰᠠᠨ ᠪᠥᠭᠡᠳ 4 ᠰᠠᠭᠤᠷᠢ ᠣᠯᠠᠨ ᠤᠯᠤᠰ ᠤᠨ ᠠᠴᠢᠶ᠎ᠠ ᠶᠢ ᠠᠴᠢᠶᠠᠯᠠᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠣᠯᠠᠨ ᠤᠯᠤᠰ ‍ᠤᠨ‌ᠬᠠᠮᠲᠤᠷᠠᠯᠴᠠᠭ᠎ᠠ ᠶᠢ ᠥᠷᠨᠢᠭᠦᠯᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号