ᠯᠢ ᠴᠢᠶᠠᠩ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/27
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 24 ᠤ ᠦᠳᠡ ᠶᠢᠨ ᠬᠤᠶᠢᠨ᠎ᠠ ᠳ᠋ᠠᠯᠢᠶᠠᠨ ᠳᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃
 
     6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠳ᠋ᠠᠯᠢᠶᠠᠨ ᠳᠤ ᠸᠢᠶᠧᠲᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ      ᠯᠢ ᠴᠢᠶᠠᠩ ᠶᠠᠭᠤᠨ ᠤ ᠡᠮᠦᠨ᠎ᠡ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠴᠠ ᠶᠡᠷᠦᠩᠬᠡᠢ ᠱᠦᠵᠢ ᠷᠤᠸᠠᠨ ᠹᠦ᠋ ᠵᠥᠩ ᠪᠣᠯᠣᠨ ᠤᠯᠤᠰ ᠤᠨ ᠲᠡᠷᠢᠭᠦᠯᠡᠭᠴᠢ ᠰᠤ᠋ ᠯᠢᠨ ᠳᠤ ᠬᠦᠷᠭᠡᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠠᠢ᠃ ᠯᠢ ᠴᠢᠶᠠᠩ ᠢᠯᠡᠳᠬᠡᠬᠦ ᠳᠤ ᠪᠠᠨ᠂ ᠳᠤᠮᠳᠠᠳᠤ ᠤᠯᠤᠰ ᠨᠢ ᠸᠢᠶᠧᠲᠨᠠᠮ ᠯᠤᠭ᠎ᠠ ︽ᠨᠥᠬᠦᠷ ᠪᠥᠭᠡᠳ ᠠᠬ᠎ᠠ ᠳᠡᠭᠦᠦ︾ ᠶᠢᠨ ᠭᠦᠨ ᠵᠤᠵᠠᠭᠠᠨ ᠨᠥᠬᠦᠷᠯᠡᠯ ᠲᠠᠢ ᠶᠤᠮ᠃ ᠨᠢᠳᠤᠨᠤᠨ᠂ ᠶᠡᠷᠦᠩᠬᠡᠢ ᠱᠦᠵᠢ ᠰᠢ ᠶᠢᠨ ᠫᠢᠩ ᠪᠠ ᠶᠡᠷᠦᠩᠬᠡᠢ ᠱᠦᠵᠢ ᠷᠤᠸᠠᠨ ᠹᠦ᠋ ᠵᠦᠩ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠠᠤᠭ᠎ᠠ ᠲᠥᠰᠥᠪ ᠢ ᠵᠢᠷᠤᠭᠯᠠᠵᠤ ᠥᠭᠴᠡᠢ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠯᠤᠰ ᠲᠠᠢ ᠬᠠᠮᠲᠤ ᠪᠠᠷ ᠬᠤᠶᠠᠷ ᠨᠠᠮ ᠤᠨ ᠬᠠᠮᠤᠭ ᠤᠨ ᠳᠡᠭᠡᠳᠦ ᠤᠳᠤᠷᠢᠳᠬᠤ ᠬᠦᠮᠦᠰ ᠤᠨ ᠴᠢᠬᠤᠯᠠ ᠬᠠᠮᠲᠤ ᠶᠢᠨ ᠲᠠᠨᠢᠯᠲᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃      ᠯᠢ ᠴᠢᠶᠠᠩ᠂ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠤᠯᠤᠰ ᠲᠠᠢ ᠬᠠᠮᠲᠤ ᠪᠠᠷ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠭᠡ ᠴᠢᠭᠯᠡᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠠᠳᠬᠤᠨ᠂ ᠬᠤᠶᠠᠷ ᠤᠯᠤᠰ ᠤᠨ ᠬᠠᠷᠢᠯᠴᠠᠭ᠎ᠠ ᠪᠠᠨ ᠬᠥᠭᠵᠢᠭᠦᠯᠬᠦ ᠶᠢ ᠢᠮᠠᠭᠲᠠ ᠲᠤᠰ ᠤᠯᠤᠰ ᠤᠨ ᠢᠶᠠᠨ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠨ᠎ᠠ᠃ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠰᠠᠶᠢᠲᠤᠷ ᠠᠰᠢᠭᠯᠠᠵᠤ᠂ ︽ᠨᠢᠭᠡ ᠪᠦᠰᠡ ᠨᠢᠭᠡ ᠵᠠᠮ︾ ᠪᠠ ︽ᠬᠤᠶᠠᠷ ᠬᠤᠩᠭᠢᠯ ᠨᠢᠭᠡ ᠲᠣᠭᠤᠷᠢᠭ︾ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠲᠠᠰᠤᠷᠠᠯᠳᠡ ᠦᠭᠡᠢ ᠦᠷᠭᠡᠳᠬᠡᠨ᠂ ᠬᠤᠯᠪᠣᠯᠳᠤᠨ ᠨᠡᠪᠲᠡᠷᠡᠯᠴᠡᠬᠦ ᠪᠠᠨ ᠴᠢᠨᠠᠭᠰᠢᠳᠠ ᠴᠢᠩᠭᠠᠳᠬᠠᠵᠤ᠂ ᠰᠢᠨ᠎ᠡ ᠡᠨᠧᠷᠭᠢ᠂ ᠲᠣᠭᠠᠴᠢᠯᠠᠭᠰᠠᠨ ᠠᠵᠤ ᠠᠬᠤᠢ ᠵᠡᠷᠭᠡ ᠬᠠᠮᠲᠤᠷᠠᠯᠴᠠᠭᠠᠨ ᠤ ᠰᠢᠨ᠎ᠡ ᠨᠡᠮᠡᠭᠳᠡᠯ ᠴᠡᠭ ᠢ ᠦᠷᠭᠦᠯᠵᠢᠯᠡᠨ ᠡᠭᠦᠳᠴᠦ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠬᠦ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠣᠯᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠸᠢᠶᠧᠲᠨᠠᠮ ᠲᠠᠢ ᠵᠢᠭᠤᠯᠴᠢᠯᠠᠯ᠂ ᠡᠮᠴᠢᠯᠡᠭᠡ᠂ ᠰᠤᠷᠭᠠᠨ ᠬᠥᠮᠦᠵᠢᠯ᠂ ᠵᠠᠯᠠᠭᠤᠴᠤᠳ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠪᠠ᠃      ᠹᠠᠨ ᠮᠢᠩ ᠵᠧᠩ ᠯᠢ ᠴᠢᠶᠠᠩ ᠳᠤ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠤᠯᠤᠰ ᠤᠨ ᠲᠡᠷᠢᠭᠦᠯᠡᠭᠴᠢ ᠰᠤ᠋ ᠯᠢᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠢ ᠳᠠᠮᠵᠢᠭᠤᠯᠬᠤ ᠶᠢ ᠬᠦᠰᠡᠪᠡ᠃ ᠹᠠᠨ ᠮᠢᠩ ᠵᠧᠩ᠂ ᠸᠢᠶᠧᠲᠨᠠᠮ ᠳᠤᠮᠳᠠᠳᠤ ᠶᠢᠨ ᠤᠷᠳᠤ ᠬᠤᠭᠤᠴᠠᠭᠠᠨ ᠤ ᠨᠥᠬᠦᠷᠰᠡᠭ ᠬᠠᠮᠲᠤᠷᠠᠯᠴᠠᠭ᠎ᠠ ᠶᠢ ᠴᠢᠩᠭᠠᠳᠬᠠᠬᠤ ᠪᠣᠯ ᠸᠢᠶᠧᠲᠨᠠᠮ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠪᠤᠰᠤᠳᠴᠢ ᠱᠠᠭᠠᠷᠳᠠᠯᠭ᠎ᠠ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠶᠠᠪᠤᠳᠠᠯ ᠪᠣᠯᠣᠨ᠎ᠠ᠃ ᠸᠢᠶᠧᠲᠨᠠᠮ ᠤᠯᠤᠰ ᠤᠨ ᠢᠶᠠᠨ ᠲᠤᠰᠠᠭᠠᠷ ᠲᠣᠭᠲᠠᠨᠢᠯ ᠪᠠ ᠨᠢᠭᠡᠳᠦᠯ ᠢᠶᠠᠨ ᠪᠡᠶᠡᠯᠡᠭᠦᠯᠬᠦ᠂ ᠤᠯᠤᠰ ᠤᠨ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠠᠬᠢᠭᠤᠯᠬᠤ ᠳᠤ ᠳᠤᠮᠳᠠᠳᠤ ᠤᠯᠤᠰ ᠬᠦᠴᠦᠲᠡᠢ ᠳᠡᠮᠵᠢᠭᠰᠡᠨ ᠢ ᠢᠮᠠᠭᠲᠠ ᠪᠠᠲᠤ ᠴᠡᠭᠡᠵᠢᠯᠡᠭᠰᠡᠭᠡᠷ ᠢᠷᠡᠭᠰᠡᠨ ᠪᠥᠭᠡᠳ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠸᠢᠶᠧᠲᠨᠠᠮ ᠤᠯᠤᠰ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠬᠦᠴᠦᠷᠬᠡᠭᠵᠢᠨ ᠬᠥᠭᠵᠢᠬᠦ ᠶᠢ ᠳᠡᠮᠵᠢᠵᠦ᠂ ᠳᠤᠮᠳᠠᠳᠤ ᠤᠯᠤᠰ ᠤᠯᠤᠰ ︽ᠪᠦᠬᠦ ᠲᠠᠯ᠎ᠠ ᠶᠢᠨ ᠬᠢᠭᠡᠳ ᠲᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ᠲᠤ ᠣᠷᠣᠯᠴᠠᠬᠤ ᠶᠢ ᠳᠡᠮᠵᠢᠨ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠦᠮᠦᠰ ᠤᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠸᠢᠶᠧᠲᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠸᠢᠶᠧᠲᠨᠠᠮ ᠢ ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠤ ᠦᠯᠢᠭᠡᠷ ᠵᠢᠱᠢᠶ᠎ᠡ ᠪᠣᠯᠵᠠᠢ᠃ ᠶᠡᠷᠦᠩᠬᠡᠢ ᠱᠦᠵᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠳᠡᠭᠡᠷ᠎ᠡ ᠨᠡᠩ ᠶᠡᠭᠡ ᠠᠮᠵᠢᠯᠲᠠ ᠣᠯᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号