ᠤᠯᠠᠭᠠᠨᠬᠤᠲᠠ ᠶᠢᠨ ᠠᠵᠤ ᠦᠢᠯᠡᠳᠪᠦᠷᠢ ᠠᠵᠤ ᠠᠬᠤᠶ ᠦᠷᠭᠦᠯᠵᠢᠯᠡᠨ ᠬᠦᠭᠵᠢᠵᠤ ᠪᠠᠶᠢᠨ᠎ᠠ
ᠨᠡᠶᠢᠲᠡᠯᠡᠭᠰᠡᠨ ᠴᠠᠭ᠄
2024/6/28
  ᠤᠯᠠᠭᠠᠨᠬᠤᠲᠠ ︽ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠨᠠᠷᠢᠨ ᠲᠠᠩᠰᠠ ᠶᠢᠨ ᠬᠡᠯᠪᠡᠷᠢ ᠶᠢᠨ ᠠᠵᠤ ᠠᠬᠤᠶ︾ ᠶᠢᠨ ᠵᠠᠭᠪᠤᠷ ᠪᠠ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠬᠦ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠡᠳᠦᠷ ᠪᠦᠷᠢ ᠬᠠᠷᠢᠯᠴᠠᠬᠤ᠂ ᠭᠠᠷᠠᠭ ᠪᠤᠯᠭᠠᠨ ᠳᠣᠭᠢᠷᠠᠭᠤᠯᠬᠤ᠂ ᠰᠠᠷ᠎ᠠ ᠪᠦᠷᠢ ᠳ᠋ᠦᠩᠨᠡᠬᠦ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ᠂ ᠰᠢᠨ᠎ᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠴᠢᠩᠭᠠᠳᠬᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠶᠡᠭᠡ ᠪᠠᠷ ᠬᠥᠭᠵᠢᠭᠦᠯᠵᠦ ᠪᠠᠶᠢᠨ᠎ᠠ᠃ ᠡᠨᠡ ᠵᠢᠯ ᠤᠨ 1 - 5 ᠰᠠᠷ᠎ᠠ ᠳᠤ᠂ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 45 ᠠᠵᠤ ᠦᠢᠯᠡᠳᠪᠦᠷᠢ ᠠᠵᠤ ᠠᠬᠤᠶᠢᠯᠠᠯ 95 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠪᠦᠬᠦ ᠠᠶᠢᠮᠠᠭ ᠤᠨ 157.1 ᠳ᠋ᠦᠩᠰᠢᠭᠤᠷ ᠲᠥᠭᠦᠷᠢᠭ ᠤᠨ 60% ᠶᠢ ᠡᠵᠡᠯᠡᠵᠦ᠂ ᠵᠢᠱᠢᠯᠲᠡ ᠪᠠᠷ ᠪᠦᠬᠦ ᠵᠢᠯ ᠳᠤ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠶ ᠥᠷᠲᠡᠭ ᠢ 240 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠨ᠎ᠡ᠃
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号