ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠡᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠳᠤ ᠰᠠᠶᠢᠬᠠᠨ ᠲᠤᠮᠳᠠᠳᠤ ᠤᠯᠤᠰ ᠤᠨ ᠪᠦᠳᠤᠭᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠵᠡᠷᠭᠡ ᠶᠢ ᠰᠤᠨᠤᠰᠪᠠ
ᠨᠡᠶᠢᠲᠡᠯᠡᠭᠰᠡᠨ ᠴᠠᠭ᠄
2024/6/28
     ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ      ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠪᠠᠶᠢᠷᠢᠯᠠᠭᠤᠯᠤᠨ ᠴᠢᠩᠭᠠᠳᠬᠠᠵᠤ᠂ ︽ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠤᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ      ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ ᠪᠠᠨ ᠴᠢᠩᠭᠠᠳᠬᠠᠵᠤ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠤ᠂ ︽ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠤᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃      ᠬᠤᠷᠠᠯ ᠳᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠠᠵᠢᠯᠯᠠᠭ᠎ᠠ ᠡᠷᠴᠢᠮᠲᠡᠢ᠂ ᠦᠷ᠎ᠡ ᠪᠦᠲᠦᠮᠵᠢ ᠢᠯᠡᠷᠬᠡᠢ ᠪᠠᠶᠢᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠠᠮᠲᠤ ᠳᠤ ᠨᠢ ᠵᠠᠰᠠᠬᠤ ᠪᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠥᠷᠭᠡᠳᠭᠡᠯ᠂ ᠬᠥᠭᠵᠢᠯᠲᠡ ᠶᠢᠨ ᠬᠥᠳᠡᠯᠭᠡᠬᠦ ᠬᠦᠴᠦᠨ ᠤ ᠨᠡᠮᠡᠭᠳᠡᠯ ᠯᠦᠭᠡ ᠨᠡᠩ ᠰᠠᠶᠢᠲᠤᠷ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠲᠡᠶᠢᠰᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠴᠢᠬᠤᠯᠠ ᠦᠢᠯᠡᠳᠦᠯ ᠦᠵᠡᠭᠦᠯᠬᠦ ᠳᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠪᠠᠨ ᠡᠷᠴᠢᠮᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠪᠦᠬᠦᠨ ᠢ ᠦᠭᠡᠶᠢᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠶᠢ ᠥᠷᠭᠡᠳᠬᠡᠬᠦ ᠲᠤᠷᠰᠢᠯᠲᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠪᠡᠯᠡ ᠶᠢᠨ ᠠᠵᠤ‌ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠡᠯᠡ ᠣᠷᠣᠭᠤᠯᠤᠯᠲᠠ ᠵᠡᠷᠭᠡ ᠳᠤ ᠣᠷᠣᠯᠴᠠᠬᠤ ᠶᠢ ᠨᠢᠭᠡ ᠯᠡ ᠠᠳᠠᠯᠢ ᠪᠠᠷ ᠳᠡᠮᠵᠢᠬᠦ ᠬᠡᠷᠡᠭᠲᠡᠶ᠃ ᠪᠠᠯᠠ ᠣᠷᠣᠭᠤᠯᠬᠤ ᠳᠤ ᠳᠦᠭᠦᠮᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠮ ᠤᠨ ᠵᠦᠢᠯᠡᠰ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠬᠦᠷᠢᠶᠡᠨ ᠳᠠᠬᠢ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠠᠶᠢᠯᠢ ᠦᠭᠡᠢ ᠰᠡᠯᠪᠢᠨ ᠵᠠᠰᠠᠬᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠶ᠃ ︽ᠳᠤᠮᠳᠠᠳᠤ ᠤᠯᠤᠰ ᠤᠨ ᠪᠡᠯᠡ ᠣᠷᠤᠭᠤᠯᠤᠯᠲᠠ︾ ᠲᠦᠷᠦᠯ ᠲᠡᠮᠲᠡᠭᠲᠦ ᠶᠢ ᠪᠣᠶ ᠪᠣᠯᠭᠠᠵᠤ᠂ ᠵᠠᠰᠠᠪᠤᠷᠢ ᠣᠷᠤᠭᠤᠯᠤᠭᠰᠠᠨ ᠰᠢᠨ᠎ᠡ ᠬᠡᠪᠯᠡᠯ ᠤᠨ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠢ ᠨᠡᠶᠢᠲᠡᠯᠡᠵᠦ᠂ ᠭᠠᠳᠠᠭᠠᠳᠤ ᠶᠢᠨ ᠬᠠᠷᠢᠶᠠᠲᠤ ᠶᠢᠨ ᠠᠵᠢᠯ ᠳᠤ ᠳᠦᠭᠦᠮᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠳᠤ᠂ ᠮᠡᠷᠭᠡᠰᠢᠯᠲᠦ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠨᠢ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠢᠢᠳᠪᠦᠷᠢᠯᠡᠬᠦ᠂ ᠴᠢᠨᠠᠷ ᠰᠠᠶᠢᠲᠠᠢ ᠭᠦᠢᠴᠡᠳ ᠠᠵᠢᠯ‌ᠣᠯᠭᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ ᠶᠤᠮ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠤᠮᠰᠠ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠲᠠᠢ ᠮᠡᠷᠭᠡᠰᠢᠯᠲᠦ ᠴᠢᠳᠠᠪᠤᠷᠢᠲᠠᠨ ᠢ ᠨᠡᠩ ᠤᠯᠠᠨ ᠬᠥᠮᠦᠵᠢᠭᠦᠯᠬᠦ ᠬᠡᠷᠡᠭᠲᠡᠢ᠃ ᠳᠡᠮᠵᠢᠬᠦ ᠲᠦᠷᠦ ᠶᠢᠨ ᠪᠤᠳᠤᠯᠭ᠎ᠠ ᠪᠠᠨ ᠡᠷᠴᠢᠮᠵᠢᠭᠦᠯᠵᠦ᠂ ᠪᠣᠯᠪᠠᠰᠤᠷᠠᠯ ᠤᠨ ᠨᠥᠬᠦᠪᠥᠷᠢ ᠵᠡᠷᠭᠡ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ ᠠᠵᠢᠯ ᠣᠯᠭᠤᠬᠤ ᠦᠢᠯᠡᠴᠢᠯᠡᠭᠡ ᠪᠠᠨ ᠴᠢᠩᠭᠠᠷᠠᠭᠤᠯᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠥᠮᠦᠨ ᠪᠠ ᠠᠵᠢᠯ ᠤᠨ ᠪᠠᠶᠢᠷᠢ ᠶᠢᠨ ᠵᠣᠬᠢᠴᠠᠯ᠂ ᠬᠠᠩᠭᠠᠯᠭ᠎ᠠ ᠬᠡᠷᠡᠭᠴᠡᠭᠡᠨ ᠤ ᠵᠣᠬᠢᠴᠠᠯ ᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ᠂ ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠠᠷᠠᠳ ᠣᠯᠠᠨ ᠤ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ ᠮᠥᠨ᠃ ᠰᠤᠪᠢᠯᠠᠭᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠴᠠᠯᠢᠩ ᠬᠥᠯᠥᠰᠥ᠂ ᠣᠷᠣᠨ ᠲᠤᠭ᠎ᠠ᠂ ᠮᠡᠷᠭᠡᠵᠢᠯ ᠤᠨ ᠴᠣᠯᠠ ᠳᠡᠪᠰᠢᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢ ᠲᠡᠭᠦᠯᠳᠡᠷᠵᠢᠭᠦᠯᠵᠦ᠂ ᠣᠷᠣᠨ ᠲᠤᠭ᠎ᠠ ᠶᠢᠨ ᠳᠣᠲᠣᠷ᠎ᠠ ᠭᠠᠳᠠᠨᠠᠬᠢ ᠠᠳᠠᠯᠢ ᠠᠵᠢᠯ ᠳᠤ ᠠᠳᠠᠯᠢ ᠬᠥᠯᠥᠰᠥ ᠣᠯᠭᠤᠮᠵᠢ ᠣᠯᠭᠤᠬᠤ ᠶᠢ ᠨᠠᠶᠢᠳᠠᠪᠤᠷᠢᠵᠢᠭᠤᠯᠵᠤ᠂ ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠬᠤ ᠪᠦᠭᠡᠳ ᠠᠰᠠᠷᠠᠨ ᠰᠤᠪᠢᠯᠠᠬᠤ ᠠᠵᠢᠯ ᠢ ᠲᠣᠭᠲᠠᠭᠤᠨ ᠢᠶᠠᠷ ᠬᠢᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠲᠦᠷᠢᠮ ᠤᠨ ᠲᠠᠶᠢᠯᠤᠮᠵᠢ ᠬᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠤᠯᠤᠰ ᠤᠨ ᠨᠢᠭᠤᠴᠠ ᠶᠢ ᠤᠬᠠᠮᠰᠠᠷ ᠠᠴᠠ ᠪᠠᠨ ᠬᠠᠮᠠᠭᠠᠯᠠᠬᠤ ᠰᠠᠶᠢᠨ ᠰᠠᠶᠢᠬᠠᠨ ᠪᠠᠶᠢᠳᠠᠯ ᠢ ᠪᠣᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃      ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃    
 
ᠢᠷᠡᠯᠲᠡ᠄ ᠦᠪᠤᠷ ᠮᠤᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号