ᠬᠢᠨᠭ᠍ᠭᠠᠨ ᠠᠶᠢᠮᠠᠭ ᠤᠨ ᠨᠠᠭᠠᠳᠦᠮ ᠤᠨ ᠬᠤᠷᠠᠯ ᠳᠤ ᠤᠯᠠᠨ ᠲᠦᠷᠤᠯ ᠵᠦᠢᠯ ᠳᠤᠬᠢᠷᠠᠭᠤᠯᠪᠠ
ᠨᠡᠶᠢᠲᠡᠯᠡᠭᠰᠡᠨ ᠴᠠᠭ᠄
2024/6/28
     ᠵᠢᠯ ᠪᠦᠷᠢ ᠳᠤ ᠨᠢᠭᠡ ᠤᠳᠠᠭ᠎ᠠ ᠶᠠᠪᠤᠬᠳᠠᠬᠤ ᠬᠢᠨᠭ᠍ᠭᠠᠨ ᠠᠶᠢᠮᠠᠭ ᠤᠨ ᠨᠠᠭᠠᠳᠦᠮ ᠤᠨ ᠬᠤᠷᠠᠯ 7 ᠰᠠᠷ᠎ᠠ ᠶᠢᠨ 17 ᠤ ᠡᠳᠦᠷ — 8 ᠰᠠᠷ᠎ᠠ ᠶᠢᠨ 18 ᠤ ᠡᠳᠦᠷ ᠪᠤᠯᠳᠠᠯ᠎ᠠ ᠦᠪᠡᠳᠡᠭᠰᠢ ᠶᠡᠬᠡᠪᠡᠷ ᠶᠠᠪᠤᠬᠳᠠᠬᠤ ᠪᠠᠷ ᠪᠠᠶᠢᠨ᠎ᠠ᠃
     ᠡᠬᠢᠯᠡᠯᠲᠠ ᠶᠢᠨ ᠶᠤᠰᠤᠯᠠᠯ ᠳᠤ᠂ ᠤᠯᠤᠰ ᠤᠨ ᠲᠤᠬ ᠤᠨ ᠠᠩᠬᠢ᠂ ᠤᠯᠠᠭᠠᠨᠮᠦ᠋ᠴᠢᠷ ᠤᠨ ᠲᠤᠬᠯᠠᠬᠴᠢᠳ ᠤᠨ ᠠᠩᠬᠢ᠂ ᠳᠤᠷ᠎ᠠ ᠰᠤᠨᠢᠷᠬᠠᠯᠳᠥ ᠳᠡᠯᠭᠡᠨ ᠦᠵᠡᠭᠦᠯᠭᠡ᠂ ᠤᠷᠠᠨ ᠰᠠᠶᠢᠬᠠᠨ ᠤ ᠲᠤᠬᠯᠠᠯᠲᠠ ᠵᠡᠷᠭᠡ ᠠᠯᠢ ᠤᠯᠠᠨ ᠠᠭᠤᠯᠭ᠎ᠠ ᠶᠢ ᠲᠤᠬᠢᠷᠠᠭᠤᠯᠦᠨ ᠶᠠᠪᠤᠬᠳᠠᠭᠤᠯᠬᠤ᠂ ᠦᠨᠳᠥᠰᠥᠳᠡᠨ ᠤ ᠬᠤᠪᠴᠠᠰᠥ ᠵᠠᠰᠠᠯ ᠤᠨ ᠦᠵᠡᠬᠦᠯᠭᠡ ᠵᠡᠷᠭᠡ ᠶᠢ ᠲᠤᠬᠢᠷᠠᠭᠤᠯᠬᠤ ᠪᠤᠯᠦᠨ᠎ᠠ᠃
     ᠨᠠᠭᠠᠳᠦᠮ ᠤᠨ ᠬᠤᠷᠠᠯ ᠳᠤ᠂ ᠡᠳᠦᠷ ᠨᠢ ᠤᠯᠠᠮᠵᠢᠯᠠᠯᠳᠥ ᠨᠠᠭᠠᠳᠥᠮ ᠤᠨ ᠤᠷᠤᠯᠳᠤᠭᠠᠨ ᠤ ᠲᠦᠷᠥᠯ ᠵᠢᠴᠢ ᠳᠤᠷ᠎ᠠ ᠰᠤᠨᠢᠷᠬᠠᠯᠳᠥ ᠤᠷᠤᠯᠳᠤᠭᠠᠨ᠂ ᠠᠮᠳᠠᠲᠦ ᠢᠳᠡᠭᠡᠨ ᠤ ᠵᠡᠭᠡᠯᠢ᠂ ᠳᠤᠮᠳᠠᠲᠦ ᠮᠤᠩᠭᠤᠯ ᠤᠷᠤᠰ ᠤᠯᠠᠨ ᠤᠯᠤᠰ ᠤᠨ ᠠᠷᠠᠯᠵᠢᠶ᠎ᠠ ᠮᠠᠶᠢᠮᠠᠢ ᠶᠢᠨ ᠳᠡᠯᠭᠡᠨ ᠦᠵᠡᠭᠦᠯᠭᠡ᠂ ᠴᠠᠭᠠᠨ ᠢᠳᠡᠭᠡᠨ ᠤ ᠳᠡᠯᠭᠡᠨ ᠦᠵᠡᠭᠦᠯᠭᠡ ᠵᠡᠷᠭᠡ ᠠᠯᠢ ᠤᠯᠠᠨ ᠠᠭᠤᠯᠭ᠎ᠠ ᠶᠢ ᠲᠤᠬᠢᠷᠠᠭᠤᠯᠬᠤ ᠪᠦᠭᠡᠳ ᠮᠤᠷᠢ ᠤᠷᠤᠯᠳᠤᠬᠤ᠂ ᠪᠦᠭᠡ ᠪᠠᠷᠢᠯᠳᠤᠬᠤ᠂ ᠰᠤᠷ ᠬᠠᠷᠪᠤᠬᠤ ᠵᠡᠷᠭᠡ ᠤᠯᠠᠮᠵᠢᠯᠠᠯᠳᠥ ᠪᠡᠶ᠎ᠡ ᠶᠢᠨ ᠲᠠᠮᠢᠷ ᠤᠨ ᠤᠷᠤᠯᠳᠤᠭᠠᠨ ᠢ ᠶᠠᠪᠤᠭᠳᠠᠭᠤᠯᠵᠦ᠂ ᠪᠠᠰᠠ ᠱᠠᠭ᠎ᠠ ᠶᠢᠨ ᠤᠷᠤᠯᠳᠤᠭᠠᠨ᠂ ᠪᠢᠯᠠᠭᠤ ᠰᠢᠳᠡᠬᠦ ᠤᠷᠤᠯᠳᠤᠭᠠᠨ᠂ ᠳᠡᠭᠡᠰᠥ ᠳᠠᠳᠠᠬᠤ ᠤᠷᠤᠯᠳᠤᠭᠠᠨ ᠵᠡᠷᠭᠡ ᠳᠤᠷ᠎ᠠ ᠰᠤᠨᠢᠷᠬᠠᠯᠳᠥ ᠲᠠᠮᠢᠷ ᠤᠨ ᠤᠷᠤᠯᠳᠤᠭᠠᠨ ᠢ ᠶᠠᠪᠤᠬᠳᠠᠭᠤᠯᠤᠨ᠎ᠠ᠃ ᠦᠳᠡᠰᠢ ᠶᠢᠨ ᠨᠠᠭᠠᠳᠦᠮ ᠳᠤ ᠤᠯᠠᠭᠠᠨᠮᠦ᠋ᠴᠢᠷ ᠤᠨ ᠲᠤᠬᠯᠠᠬᠴᠢᠳ ᠠᠴᠠ ᠤᠷᠠᠨ ᠰᠠᠶᠢᠬᠠᠨ ᠤ ᠲᠤᠬᠯᠠᠯᠲᠠ ᠭᠠᠷᠭᠠᠬᠤ᠂ ᠲᠦᠳᠡᠭ ᠭᠠᠯ ᠤᠨ ᠦᠳᠡᠰᠢᠯᠡᠭᠡ᠂ ᠬᠤᠪᠴᠠᠰᠦ ᠵᠠᠰᠠᠯ ᠤᠨ ᠦᠵᠡᠭᠦᠯᠭᠡ᠂ ᠠᠮᠳᠠᠲᠦ ᠢᠳᠡᠭᠡᠨ ᠤ ᠨᠠᠶᠢᠷ ᠵᠡᠷᠭᠡ ᠶᠢ ᠲᠤᠬᠢᠷᠠᠭᠤᠯᠦᠨ ᠶᠠᠪᠤᠬᠳᠠᠭᠤᠯᠬᠤ ᠪᠤᠯᠦᠨ᠎ᠠ᠃
     ᠵᠢᠯ ᠳᠤ ᠨᠢᠭᠡ ᠤᠳᠠᠭ᠎ᠠ ᠶᠠᠪᠤᠬᠳᠠᠬᠤ ᠨᠠᠭᠠᠳᠦᠮ ᠤᠨ ᠬᠤᠷᠠᠯ ᠪᠤᠯᠬᠤᠷ ᠨᠢᠭᠡᠨ ᠤᠳᠠᠭᠠᠨ ᠤ ᠲᠤᠮᠤ ᠬᠡᠯᠪᠡᠷᠢ ᠶᠢᠨ ᠤᠳᠬ᠎ᠠ ᠳᠡᠬᠦᠯᠳᠡᠷ ᠨᠠᠭᠠᠳᠥᠮ ᠤᠨ ᠴᠤᠬᠠᠯᠠᠭᠠᠨ ᠪᠦᠭᠡᠳ ᠰᠤᠶᠤᠯ ᠤᠨ ᠴᠤᠬᠯᠠᠭᠠᠨ ᠪᠤᠯᠬᠤ ᠨᠢ ᠭᠠᠷᠴᠠᠭ᠎ᠠ ᠦᠭᠡᠢ᠃                                                 · ᠳᠠᠷᠬᠠᠨ ·
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号