ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠤᠯᠠᠭᠠᠨᠬᠤᠳᠠ ᠨᠢᠰᠭᠡᠯ ᠤᠨ ᠪᠠᠭᠤᠳᠠᠯ ᠲᠠᠢ ᠬᠠᠮᠳᠤᠷᠠᠨ ᠰᠦᠷᠳᠡᠬᠦᠯᠤᠯ ᠢ ᠡᠰᠡᠷᠬᠦᠴᠡᠬᠦ ᠰᠤᠷᠢᠯᠳᠠ ᠬᠢᠪᠡ
ᠨᠡᠶᠢᠲᠡᠯᠡᠭᠰᠡᠨ ᠴᠠᠭ᠄
2024/6/3
     ᠰᠦᠷᠳᠡᠬᠦᠯᠤᠯ ᠢ ᠡᠰᠡᠷᠬᠦᠴᠡᠬᠦ ᠤᠬᠠᠭᠤᠯᠭ᠎ᠠ ᠬᠦᠮᠦᠵᠢᠯ ᠤᠨ ᠠᠵᠢᠯ ᠢ ᠰᠠᠶᠢᠳᠤᠷ ᠬᠢᠵᠦ᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠬᠦᠯᠤᠯ ᠢ ᠡᠰᠡᠷᠬᠦᠴᠡᠬᠦ ᠬᠠᠤᠯᠢ︾ ᠶᠢ ᠨᠢᠰᠭᠡᠯ ᠤᠨ ᠪᠠᠭᠤᠳᠠᠯ ᠢᠶᠠᠷ ᠲᠦᠭᠡᠮᠡᠯᠵᠢᠬᠦᠯᠤᠨ᠂ ᠠᠵᠢᠯᠳᠡᠳ ᠤᠨ ᠪᠠᠴᠢᠮ ᠪᠠᠶᠢᠳᠡᠯ ᠢ ᠠᠷᠭᠠᠴᠠᠭᠠᠨ ᠰᠶᠢᠳᠪᠦᠷᠢᠯᠡᠬᠦ ᠴᠢᠳᠠᠪᠤᠷᠢ ᠶᠢ ᠳᠡᠭᠡᠭᠰᠢᠯᠡᠬᠦᠯᠬᠦ ᠪᠠᠷ᠂ ᠤᠶᠢᠷ᠎ᠠ ᠶᠢᠨ ᠡᠳᠦᠷ ᠤᠯᠠᠭᠠᠨᠬᠤᠳᠠ ᠶᠢᠨ ᠳᠤᠳᠤᠭᠠᠳᠦ ᠶᠢ ᠬᠠᠮᠠᠭᠠᠯᠠᠬᠤ ᠳᠤᠪᠴᠢᠶ᠎ᠠ ᠶᠢᠨ ᠰᠦᠷᠳᠡᠬᠦᠯᠤᠯ ᠢ ᠡᠰᠡᠷᠬᠦᠴᠡᠬᠦ ᠶᠡᠭᠡ ᠠᠩᠬᠢ ᠪᠤᠯᠤᠨ ᠤᠨᠴᠠ ᠴᠠᠬᠳᠠᠭ᠎ᠠ ᠶᠢᠨ ᠶᠡᠭᠡ ᠠᠩᠬᠢ ᠬᠤᠯᠪᠤᠭᠠᠯᠠᠨ ᠰᠦᠷᠳᠡᠬᠦᠯᠤᠯ ᠢ ᠡᠰᠡᠷᠬᠦᠴᠡᠬᠦ ᠤᠬᠠᠭᠤᠯᠭ᠎ᠠ ᠵᠢᠴᠢ ᠰᠦᠷᠳᠡᠬᠦᠯᠤᠯ ᠢ ᠡᠰᠡᠷᠬᠦᠴᠡᠬᠦ ᠰᠤᠷᠢᠯᠳᠠ ᠬᠢᠭᠰᠡᠨ ᠪᠠᠶᠢᠨ᠎ᠠ᠃      ᠠᠵᠢᠯᠯᠠᠭ᠎ᠠ ᠳᠤ᠂ ᠠᠷᠠᠳ ᠤᠨ ᠴᠠᠬᠳᠠᠭ᠎ᠠ ᠠᠴᠠ ᠨᠢᠰᠭᠡᠯ ᠤᠨ ᠪᠠᠭᠤᠳᠠᠯ ᠤᠨ ᠠᠵᠢᠯᠳᠡᠳ ᠲᠤ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠷᠳᠡᠬᠦᠯᠤᠯ ᠢ ᠡᠰᠡᠷᠬᠦᠴᠡᠬᠦ ᠬᠠᠤᠯᠢ︾ ᠶᠢ ᠳᠠᠶᠢᠯᠪᠤᠷᠢᠯᠠᠬᠤ᠂ ᠰᠦᠷᠳᠡᠬᠦᠯᠤᠯ ᠢ ᠡᠰᠡᠷᠬᠦᠴᠡᠬᠦ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠬᠦ᠂ ᠰᠦᠷᠳᠡᠬᠦᠯᠤᠯ ᠢ ᠡᠰᠡᠷᠬᠦᠴᠡᠬᠦ ᠪᠠᠭᠠᠵᠢ ᠭᠡᠷᠡᠭᠰᠡᠯ ᠢ ᠳᠠᠨᠢᠯᠴᠠᠭᠤᠯᠬᠤ ᠵᠢᠴᠢ ᠪᠠᠴᠢᠮ ᠠᠪᠤᠷᠠᠯᠳᠠ ᠬᠢᠬᠦ ᠮᠡᠳᠡᠯᠭᠡ ᠶᠢ ᠤᠯᠠᠮᠵᠢᠯᠠᠬᠰᠠᠨ ᠪᠠᠶᠢᠨ᠎ᠠ᠃ ᠡᠬᠦᠨ ᠤ ᠬᠠᠮᠳᠦ ᠪᠠᠰᠠ ᠪᠤᠳᠠᠳᠤ ᠰᠤᠷᠢᠯᠳᠠ ᠪᠠᠷ ᠳᠠᠮᠵᠢᠨ ᠭᠡᠨᠡᠳᠳᠡ ᠶᠢᠨ ᠰᠦᠷᠳᠡᠬᠦᠯᠤᠯ ᠤᠨ ᠭᠡᠷᠡᠭ ᠢ ᠭᠡᠷᠬᠢᠨ ᠠᠷᠭᠠᠴᠠᠭᠠᠬᠤ ᠂ ᠤᠯᠠᠨ ᠲᠦᠮᠡᠨ ᠢ ᠭᠡᠷᠬᠢᠨ ᠠᠮᠤᠷ ᠲᠦᠪᠰᠢᠨ ᠢᠶᠠᠷ ᠳᠠᠷᠬᠠᠭᠠᠬᠤ᠂ ᠨᠢᠰᠭᠡᠯ ᠤᠨ ᠪᠠᠭᠤᠳᠠᠯ ᠤᠨ ᠠᠮᠤᠷ ᠢ ᠬᠠᠮᠠᠭᠠᠯᠠᠬᠴᠢ ᠳᠤ ᠭᠡᠷᠬᠢᠨ ᠳᠤᠬᠠᠢ ᠶᠢᠨ ᠳᠠᠯᠠᠪᠤᠷ ᠤᠨ ᠡᠮᠬᠢ ᠲᠢᠭᠯᠢᠮ ᠢ ᠬᠠᠮᠠᠭᠠᠯᠠᠵᠦ ᠦᠪᠡᠷ ᠪᠤᠰᠤᠳ ᠢ ᠠᠪᠤᠷᠠᠨ ᠳᠤᠰᠠᠯᠠᠬᠤ ᠳᠤᠬᠠᠢ ᠤᠷ᠎ᠠ ᠴᠢᠳᠠᠪᠤᠷᠢ ᠶᠢ ᠤᠯᠠᠮᠵᠢᠯᠠᠪᠠ᠃      ᠳᠤᠰ ᠤᠳᠠᠭᠠᠨ ᠤ ᠰᠦᠷᠳᠡᠬᠦᠯᠤᠯ ᠢ ᠡᠰᠡᠷᠬᠦᠴᠡᠬᠦ ᠤᠬᠠᠭᠤᠯᠭ᠎ᠠ ᠶᠢ ᠨᠢᠰᠭᠡᠯ ᠤᠨ ᠪᠠᠭᠤᠳᠠᠯ ᠳᠤ ᠬᠦᠷᠭᠡᠬᠦ ᠠᠵᠢᠯᠯᠠᠭ᠎ᠠ ᠪᠠᠷ ᠳᠠᠮᠵᠢᠨ᠂ ᠨᠢᠰᠭᠡᠯ ᠤᠨ ᠪᠠᠭᠤᠳᠠᠯ ᠤᠨ ᠠᠵᠢᠯᠳᠠᠳ ᠤᠨ ᠠᠮᠤᠷ ᠲᠦᠪᠰᠢᠨ ᠤ ᠤᠬᠠᠮᠰᠠᠷ ᠪᠤᠯᠤᠨ ᠦᠪᠡᠷ ᠪᠤᠰᠤᠳ ᠢ ᠠᠪᠤᠷᠠᠨ ᠳᠤᠰᠠᠯᠠᠵᠦ ᠬᠠᠮᠠᠭᠠᠯᠠᠬᠤ ᠴᠢᠳᠠᠪᠤᠷᠢ ᠶᠢ ᠲᠡᠬᠡᠭᠰᠢᠯᠠᠭᠦᠯᠵᠥ᠂ ᠨᠢᠰᠭᠡᠯ ᠤᠨ ᠪᠠᠭᠤᠳᠠᠯ ᠤᠨ ᠠᠮᠤᠷ ᠲᠦᠪᠰᠢᠨ ᠳᠤ ᠪᠠᠳᠤᠯᠠᠭ᠎ᠠ ᠬᠠᠨᠭ᠍ᠭᠠᠵᠠᠢ᠃            ︵ ᡁᠢ ᠮᠢᠨ   ᠯᠢ ᠵᠢᠶᠠ ᠡᠸ᠋ᠨ  ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号