ᠤᠯᠠᠭᠠᠨᠬᠤᠳᠠ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠵᠦ ᠦᠢᠯᠡᠴᠢᠯᠡᠭᠡ ᠶᠢ ᠬᠦᠨᠵᠡᠬᠡᠶᠢᠷᠡᠬᠦᠯᠵᠦ ᠪᠤᠢ
ᠨᠡᠶᠢᠲᠡᠯᠡᠭᠰᠡᠨ ᠴᠠᠭ᠄
2024/6/4
                   ᠤᠶᠢᠷ᠎ᠠ ᠳᠤ᠂ ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠨᠢ ︽5 · 19︾ ᠤ ᠲᠡᠯᠡᠬᠡᠢ ᠶᠢᠨ ᠬᠡᠷ ᠪᠦᠯᠢ ᠶᠢᠨ ᠡᠮᠴᠢ ᠶᠢᠨ ᠡᠳᠦᠷ ᠢᠶᠠᠷ ᠠᠵᠠ ᠲᠤᠬᠢᠶᠠᠯ ᠪᠤᠯᠭᠠᠵᠦ᠂ ᠬᠢᠨᠭ᠍ᠭᠠᠨ ᠠᠶᠢᠮᠠᠭ ᠤᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠤᠯᠠᠭᠠᠨᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ᠂ ᠤᠯᠠᠭᠠᠨᠬᠤᠳᠡ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠲᠡᠬᠦᠯᠢᠨ ᠬᠤᠪᠢᠶᠠᠷᠢ ᠬᠤᠷᠢᠶ᠎ᠠ ᠬᠠᠮᠳᠤᠷᠠᠨ ᠠᠯᠪᠠᠨ ᠵᠢᠷᠦᠮ ᠤᠨ ᠡᠮᠴᠢᠯᠡᠬᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠲᠤᠰ ᠠᠵᠢᠯᠯᠠᠭ᠎ᠠ ᠪᠠᠷ ᠲᠠᠮᠵᠢᠭᠤᠯᠤᠨ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠦᠨᠳᠦᠰᠦᠨ ᠱᠠᠳᠦᠨ ᠳᠤ ᠪᠠᠭᠤᠯᠭᠠᠵᠦ᠂ ᠠᠶᠢᠮᠠᠭ᠂ ᠬᠤᠳᠠ᠂ ᠦᠨᠳᠦᠰᠦᠨ ᠱᠠᠳᠦᠨ ᠤ ᠭᠤᠷᠪᠠᠨ ᠲᠡᠰ ᠤᠨ ᠡᠮᠴᠢᠯᠡᠬᠡᠨ ᠤ ᠪᠠᠶᠢᠭᠤᠯᠤᠮᠵᠢ ᠬᠤᠯᠪᠤᠭᠠᠯᠠᠨ᠂ ᠠᠶᠢᠮᠠᠭ ᠬᠤᠳᠠ ᠶᠢᠨ ᠲᠤᠰᠬᠠᠢ ᠮᠡᠷᠬᠡᠵᠢᠯᠳᠡᠨ ᠤ ᠪᠦᠯᠬᠦᠮ ᠢ ᠤᠷᠢᠵᠦ ᠡᠷᠡᠬᠦᠯ ᠮᠡᠨᠳᠤ ᠶᠢᠨ ᠵᠢᠯᠤᠭᠤᠳᠤᠯᠭ᠎ᠠ ᠬᠢᠯᠬᠡᠵᠦ ᠂ ᠠᠳᠠᠯᠢ ᠪᠤᠰᠤ ᠬᠦᠮᠦᠰ ᠤᠨ ᠡᠷᠡᠬᠦᠯ ᠮᠡᠨᠳᠤ ᠶᠢᠨ ᠱᠠᠭᠠᠷᠳᠠᠯᠭ᠎ᠠ ᠶᠢ ᠬᠠᠨᠭ᠍ᠭᠠᠵᠦ᠂ ᠦᠨᠳᠦᠰᠦᠨ ᠱᠠᠳᠦᠨ ᠤ ᠡᠮᠴᠢᠯᠡᠬᠡᠨ ᠤ ᠦᠢᠯᠡᠴᠢᠯᠡᠭᠡ ᠶᠢᠨ ︽ᠬᠠᠮᠤᠭ ᠡᠴᠦᠰ ᠤᠨ ᠨᠢᠬᠡ ᠺᠢᠯᠤᠮᠧᠲᠷ︾ ᠢ ᠨᠡᠪᠳᠡᠷᠡᠬᠦᠯᠵᠦ᠂ ᠰᠠᠭᠤᠭᠠᠯᠢ ᠠᠷᠠᠳ ᠤᠨ ᠬᠦᠷᠳᠡᠮᠵᠢ ᠶᠢᠨ ᠲᠦᠷᠦᠭᠳᠡᠯ ᠢ ᠲᠠᠰᠦᠷᠠᠯᠳᠠ ᠦᠬᠡᠢ ᠨᠡᠮᠡᠭᠳᠡᠬᠦᠯᠦᠭᠰᠡᠨ ᠪᠠᠶᠢᠨ᠎ᠠ᠃      ᠲᠡᠬᠦᠯᠢᠨ ᠨᠡᠶᠢᠬᠡᠮ ᠲᠤᠭᠤᠷᠢᠭ ᠤᠨ ᠬᠤᠪᠢᠶᠠᠷᠢ ᠡᠮᠨᠡᠯᠬᠡ ᠶᠢᠨ ᠬᠤᠷᠢᠶ᠎ᠠ ᠶᠢᠨ ᠡᠮᠴᠢᠯᠡᠬᠡᠨ ᠤ ᠠᠵᠢᠯᠳᠠᠳ ᠡᠮᠴᠢᠯᠡᠬᠦᠯᠬᠦ ᠪᠠᠷ ᠢᠷᠡᠭᠰᠡᠨ ᠰᠠᠭᠤᠭᠠᠯᠢ ᠠᠷᠠᠳ ᠲᠤ ᠬᠤᠪᠢᠶᠠᠷᠢᠯᠠᠨ ᠤᠨᠤᠰᠢᠯᠠᠬᠤ ᠵᠢᠴᠢ ᠲᠤᠬᠠᠢ ᠶᠢᠨ ᠲᠠᠯᠠᠪᠦᠷ ᠲᠤ ᠵᠦᠪᠯᠡᠯᠴᠡᠭᠡᠷ ᠲᠤᠬᠳᠠᠵᠦ᠂ ᠠᠶᠢᠮᠠᠭ᠂ ᠬᠤᠳᠠ ᠶᠢᠨ ᠡᠮᠨᠡᠯᠬᠡ ᠶᠢᠨ ᠬᠤᠷᠢᠶ᠎ᠠ ᠶᠢᠨ ᠡᠯ᠎ᠡ ᠰᠠᠯᠠᠭ᠎ᠠ ᠲᠠᠰᠤᠭ ᠤᠨ ᠲᠤᠰᠬᠠᠢ ᠮᠡᠷᠬᠡᠵᠢᠯᠳᠡᠳ ᠠᠴᠠ ᠰᠠᠭᠤᠭᠠᠯᠢ ᠠᠷᠠᠳ ᠲᠤ ᠦᠨ᠎ᠡ ᠲᠦᠯᠦᠪᠦᠷᠢ ᠦᠬᠡᠢ ᠪᠠᠷ ᠤᠨᠤᠰᠢᠯᠠᠯᠳᠠ ᠬᠢᠵᠦ᠂ ᠡᠯᠧᠺᠲᠷᠤᠨ ᠲᠡᠯᠬᠡᠴᠡ ᠪᠠᠷ ᠨᠡᠪᠳᠡᠷᠡᠬᠦᠯᠬᠦ᠂ ᠤᠬᠠᠭᠤᠯᠭ᠎ᠠ ᠶᠢᠨ ᠬᠦᠨᠳᠡᠯᠡᠨ ᠪᠢᠴᠢᠬᠡᠰᠦ ᠡᠯᠬᠦᠬᠦ᠂ ᠦᠵᠡᠬᠦᠯᠬᠡ ᠶᠢᠨ ᠪᠤᠯᠤᠩ ᠲᠤᠬᠢᠷᠠᠭᠤᠯᠬᠤ᠂ ᠤᠬᠠᠭᠤᠯᠭ᠎ᠠ ᠶᠢᠨ ᠬᠠᠭᠤᠳᠠᠰᠦ ᠲᠠᠷᠬᠠᠭᠠᠬᠤ᠂ ᠠᠰᠠᠭᠤᠯᠳᠠ ᠬᠠᠷᠢᠭᠤᠯᠬᠤ ᠵᠡᠷᠭᠡ ᠬᠡᠯᠪᠡᠷᠢ ᠪᠠᠷ ᠬᠠᠷᠢᠶᠠᠳᠤ ᠤᠷᠤᠨ ᠤ ᠪᠠᠨ ᠤᠯᠠᠨ ᠲᠦᠮᠡᠨ ᠳᠤ ᠲᠦᠬᠦᠮ᠂ ᠲᠤᠳᠤᠨᠤᠰᠤᠭ᠂ ᠶᠡᠷᠦᠩᠭᠡᠶᠢᠯᠡᠭᠰᠡᠨ ᠦᠨᠳᠦᠰᠦᠨ ᠡᠮᠴᠢᠯᠡᠭᠡ᠂ ᠦᠨᠳᠦᠰᠦᠨ ᠨᠡᠶᠢᠳᠡ ᠶᠢᠨ ᠡᠷᠡᠬᠦᠯ ᠬᠠᠮᠠᠭᠠᠯᠠᠯ ᠵᠢᠴᠢ ᠬᠡᠷ ᠪᠦᠯᠢ ᠶᠢᠨ ᠡᠮᠴᠢ ᠲᠠᠢ ᠵᠦᠪᠯᠡᠯᠴᠡᠭᠡᠷ ᠲᠤᠬᠳᠠᠬᠤ ᠦᠢᠯᠡᠴᠢᠯᠡᠭᠡ ᠬᠦᠷᠳᠡᠬᠦ ᠪᠤᠯᠤᠨ᠎ᠠ᠃      ᠲᠤᠰ ᠤᠳᠠᠭᠠᠨ ᠤ ᠠᠵᠢᠯᠯᠠᠭ᠎ᠠ ᠨᠢ ᠨᠡᠶᠢᠬᠡᠮ ᠲᠤᠭᠤᠷᠢᠭ ᠤᠨ ᠠᠵᠢᠯᠳᠠᠳ ᠤᠨ ᠬᠠᠯᠠᠭᠤᠨ ᠬᠦᠷᠢᠶᠡᠯᠡᠯ ᠢ ᠤᠯᠵᠠᠢ᠂ ᠲᠡᠳᠡ ᠤᠯᠠᠨ ᠠᠷᠪᠢᠨ ᠡᠷᠡᠬᠦᠯ ᠬᠠᠮᠠᠭᠠᠯᠠᠯ ᠤᠨ ᠲᠤᠬᠠᠢ ᠮᠡᠳᠡᠯᠬᠡ ᠶᠢ ᠤᠯᠵᠦ ᠰᠤᠷᠤᠬᠰᠠᠨ ᠪᠦᠭᠡᠳ ᠲᠡᠭᠡᠷ᠎ᠡ ᠱᠠᠳᠦᠨ ᠤ ᠡᠮᠴᠢᠯᠡᠬᠡᠨ ᠤ ᠪᠠᠶᠢᠭᠤᠯᠤᠮᠵᠢ ᠶᠢᠨ ᠬᠠᠶᠢᠷ᠎ᠠ ᠬᠠᠯᠠᠮᠵᠢ ᠪᠠ ᠲᠡᠮᠵᠢᠯᠬᠡ ᠶᠢ ᠮᠡᠳᠡᠷᠡᠭᠰᠡᠨ ᠪᠠᠶᠢᠨ᠎ᠠ᠃ ᠲᠤᠰ ᠤᠳᠠᠭᠠᠨ ᠤ ᠠᠵᠢᠯᠯᠠᠭ᠎ᠠ ᠳᠤ᠂ 200 ᠭᠠᠷᠦᠢ ᠬᠦᠮᠦᠨ ᠤᠷᠤᠯᠴᠠᠵᠦ᠂ ᠲᠤᠬᠠᠢ ᠶᠢᠨ ᠲᠠᠯᠠᠪᠦᠷ ᠲᠤ 85 ᠬᠦᠮᠦᠨ ᠲᠠᠢ ᠵᠦᠪᠯᠡᠯᠴᠡᠭᠡᠷ ᠲᠤᠬᠳᠠᠵᠦ᠂ ᠤᠬᠠᠭᠤᠯᠭ᠎ᠠ ᠶᠢᠨ ᠬᠠᠭᠤᠳᠠᠰᠦ ᠪᠠ 200 ᠭᠠᠷᠦᠢ ᠬᠤᠪᠢ ᠮᠠᠲ᠋ᠧᠷᠢᠶᠠᠯ ᠲᠠᠷᠬᠠᠭᠠᠬᠰᠠᠨ ᠪᠠᠶᠢᠨ᠎ᠠ᠃      ᠬᠡᠷ ᠪᠦᠯᠢ ᠶᠢᠨ ᠡᠮᠴᠢ ᠶᠢᠨ ᠵᠦᠪᠯᠡᠯᠴᠡᠬᠡᠷ ᠲᠤᠬᠳᠠᠬᠤ ᠦᠢᠯᠡᠴᠢᠯᠡᠭᠡ ᠶᠢᠨ ᠠᠵᠢᠯ ᠢ ᠪᠦᠬᠦ ᠲᠠᠯ᠎ᠠ ᠪᠠᠷ ᠦᠷᠨᠢᠬᠦᠯᠦᠭᠰᠡᠨ ᠠᠴᠠ ᠨᠠᠭᠠᠰᠢ᠂ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠴᠢᠨᠠᠷ ᠰᠠᠶᠢᠳᠠᠢ ᠬᠦᠭᠵᠢᠯᠳᠡ ᠶᠢᠨ ᠬᠠᠷᠠᠯᠳᠠ ᠶᠢᠨ ᠲᠤᠭᠤᠷᠢᠨ ᠳᠤ᠂ ᠤᠯᠠᠨ ᠠᠷᠭ᠎ᠠ ᠪᠠᠷ ᠨᠢᠬᠳᠠᠷᠠᠬᠰᠠᠨ ᠬᠡᠯᠪᠡᠷᠢ ᠶᠢᠨ ᠬᠤᠳᠠ ᠶᠢᠨ ᠬᠡᠪᠴᠢᠶᠡᠨ ᠤ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠦ᠂ ᠡᠮᠴᠢᠯᠡᠭᠡ ᠪᠠ ᠰᠡᠷᠬᠡᠶᠢᠯᠡᠬᠦ ᠶᠢ ᠠᠭᠤᠰᠤᠯᠴᠠᠭᠤᠯᠤᠬᠰᠠᠨ ᠰᠢᠰᠲ᠋ᠧᠮ ᠢ ᠪᠠᠶᠢᠭᠤᠯᠬᠤ ᠠᠵᠢᠯᠯᠠᠭ᠎ᠠ ᠦᠷᠨᠢᠬᠦᠯᠵᠦ᠂ ᠦᠨᠳᠦᠰᠦᠨ ᠱᠠᠳᠦᠨ ᠤ ᠲᠤᠤᠷᠵᠢᠭᠤᠯᠤᠬᠰᠠᠨ ᠡᠷᠡᠬᠦᠯ ᠬᠠᠮᠠᠭᠠᠯᠠᠯ ᠤᠨ ᠬᠠᠮᠢᠶᠠᠷᠦᠯᠳᠠ ᠶᠢᠨ ᠵᠠᠬᠪᠦᠷ ᠢ ᠬᠡᠷᠡᠭᠵᠢᠬᠦᠯᠵᠦ᠂ ᠬᠡᠷ ᠪᠦᠯᠢ ᠶᠢᠨ ᠡᠮᠴᠢ ᠲᠠᠢ ᠵᠦᠪᠯᠡᠯᠴᠡᠬᠡᠷ ᠲᠤᠬᠳᠠᠬᠤ ᠦᠢᠯᠡᠴᠢᠯᠡᠭᠡ ᠶᠢ ᠨᠡᠶᠢᠬᠡᠮ ᠲᠤᠭᠤᠷᠢᠭ᠂ ᠬᠡᠷ ᠪᠦᠯᠢ ᠳᠤ ᠬᠦᠷᠭᠡᠵᠦ᠂ ᠭᠤᠤᠯᠳᠠᠯᠭ᠎ᠠ ᠲᠠᠢ ᠬᠦᠮᠦᠰ ᠲᠠᠢ ᠵᠦᠪᠯᠡᠯᠴᠡᠬᠡᠷ ᠲᠤᠬᠳᠠᠬᠤ ᠠᠵᠢᠯ ᠢ ᠴᠢᠩᠭᠠᠳᠬᠠᠵᠦ᠂ ᠤᠷᠢᠳᠴᠢᠯᠠᠨ ᠵᠦᠪᠯᠡᠯᠴᠡᠭᠡᠷ ᠲᠤᠬᠳᠠᠬᠤ᠂ ᠤᠷᠢᠳᠴᠢᠯᠠᠨ ᠦᠢᠯᠡᠴᠢᠯᠡᠬᠦ᠂ ᠵᠡᠮᠳᠡᠭ ᠪᠠᠭᠤᠷᠠᠢ ᠬᠦᠮᠦᠰ ᠵᠢᠴᠢ ᠬᠦᠳᠡᠯᠵᠦ ᠪᠠᠷᠢᠬᠤ ᠳᠤ ᠲᠦᠬᠦᠮ ᠦᠬᠡᠢ ᠨᠠᠰᠦᠳᠠᠨ ᠳᠤ ᠡᠷᠡᠬᠦᠯ ᠬᠠᠮᠠᠭᠠᠯᠠᠯ ᠤᠨ ᠵᠢᠯᠤᠭᠤᠳᠤᠯᠭ᠎ᠠ ᠬᠠᠨᠭ᠍ᠭᠠᠵᠦ᠂ ᠲᠡᠳᠡᠨ ᠢ ᠬᠠᠪᠰᠦᠷᠦᠨ ᠠᠮᠢᠳᠦᠷᠠᠯ ᠤᠨ ᠴᠢᠨᠠᠷ ᠴᠢᠨᠰᠠᠭ᠎ᠠ ᠶᠢ ᠨᠢ ᠲᠡᠭᠡᠭᠰᠢᠯᠡᠬᠦᠯᠦᠭᠰᠡᠨ ᠪᠠᠶᠢᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠳᠤ ᠬᠡᠷ ᠪᠦᠯᠢ ᠶᠢᠨ ᠡᠮᠴᠢ ᠶᠢᠨ ᠪᠦᠯᠬᠦᠮ ᠡᠷᠦᠬᠡ ᠪᠠᠷ ᠬᠦᠨᠵᠡᠬᠡᠶᠢᠷᠡᠨ᠂ ᠰᠠᠭᠤᠭᠠᠯᠢ ᠠᠷᠠᠳ ᠲᠤ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠨᠭ᠍ᠭᠠᠬᠰᠠᠨ ᠪᠠᠶᠢᠨ᠎ᠠ᠃     2024 ᠤᠨ ᠪᠤᠯ ᠦᠨᠳᠦᠰᠦᠨ ᠱᠠᠳᠦᠨ ᠤ ᠡᠷᠡᠬᠦᠯ ᠬᠠᠮᠠᠭᠠᠯᠠᠯ ᠤᠨ ᠠᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠦᠨ ᠦᠷ᠎ᠡ ᠪᠦᠳᠦᠮᠵᠢ ᠭᠠᠷᠭᠠᠬᠤ ᠵᠢᠯ ᠪᠤᠯᠤᠨ᠎ᠠ᠃ ᠤᠯᠠᠭᠠᠨᠬᠤᠳᠡ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠵᠦᠪᠯᠡᠯ ᠨᠢ ᠦᠨᠳᠦᠰᠦᠨ ᠱᠠᠳᠦᠨ ᠤ ᠡᠷᠡᠬᠦᠯ ᠬᠠᠮᠠᠭᠠᠯᠠᠯ ᠤᠨ ᠠᠵᠢᠯ ᠢᠶᠠᠷ ᠭᠤᠤᠯᠳᠠᠯᠭ᠎ᠠ ᠪᠤᠯᠭᠠᠵᠦ᠂ ᠬᠡᠷ ᠪᠦᠯᠢ ᠶᠢᠨ ᠡᠮᠴᠢ ᠲᠠᠢ ᠵᠦᠪᠯᠡᠯᠴᠡᠭᠡᠷ ᠲᠤᠬᠳᠠᠬᠤ ᠦᠢᠯᠡᠴᠢᠯᠡᠭᠡ ᠶᠢᠨ ᠠᠵᠢᠯ ᠢ ᠰᠠᠶᠢᠳᠦᠷ ᠬᠢᠵᠦ᠂ ᠨᠢᠬᠳᠠᠷᠠᠬᠰᠠᠨ ᠬᠡᠯᠪᠡᠷᠢ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠪᠠᠶᠢᠭᠤᠯᠤᠯᠳᠠ ᠳᠤ ᠲᠦᠰᠢᠭᠯᠡᠨ᠂ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠰᠢᠯᠢᠳᠡᠭ ᠡᠮᠴᠢᠯᠡᠬᠡᠨ ᠤ ᠡᠬᠢ ᠪᠠᠶᠠᠯᠢᠭ ᠢ ᠲᠤᠷᠤᠬᠰᠢ ᠪᠠᠭᠤᠯᠭᠠᠬᠤ ᠦᠢᠯᠡᠳᠦᠯ ᠢ ᠪᠦᠷᠢᠮᠦᠰᠦᠨ ᠪᠠᠳᠠᠷᠠᠭᠤᠯᠵᠦ᠂ ᠦᠨᠳᠦᠰᠦᠨ ᠱᠠᠳᠦᠨ ᠤ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠦᠷᠢ ᠶᠢ ᠦᠷᠬᠦᠯᠵᠢᠯᠡᠨ ᠲᠡᠭᠡᠭᠰᠢᠯᠡᠬᠦᠯᠵᠦ᠂ ᠤᠯᠠᠨ ᠲᠦᠮᠡᠨ ᠤ ᠡᠬᠦᠳᠡᠨ ᠡᠮᠦᠨᠡᠬᠢ ︽ᠲᠦᠷᠭᠡᠨ᠂ ᠬᠠᠯᠠᠭᠤᠮᠰᠤᠭ︾ ᠡᠷᠡᠬᠦᠯ ᠮᠡᠨᠳᠤ ᠶᠢᠨ ᠰᠠᠬᠢᠬᠴᠢ ᠪᠤᠯᠤᠬᠰᠠᠨ ᠪᠠᠶᠢᠨ᠎ᠠ ᠃                                             ︵ᠰᠡᠷᠬᠦᠯᠡᠩ︶
 
ᠢᠷᠡᠯᠲᠡ᠄ ᠬᠢᠩᠭᠠᠨ ᠤ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号